ᠰᠠᠶᠢᠨ ᠴᠢᠮᠡᠭᠡ︕ 2025 ᠣᠨ ᠤ ︽ᠶᠠᠩ ᠭᠤᠸᠠᠩ ᠯᠤ᠋ ᠲᠤᠩ︾ ᠬᠡᠤᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠲᠥᠷᠥᠯ ᠵᠦᠢᠯ ᠡᠬᠢᠯᠡᠯ᠎ᠡ
ᠨᠡᠶᠢᠲᠡᠯᠡᠭᠰᠡᠨ ᠴᠠᠭ᠄
2025/3/20
       ᠡᠵᠡᠨ ᠬᠤᠷᠤᠭ᠎ᠠ ᠬᠤᠰᠢᠭᠤᠨ ᠤ ︽ᠶᠠᠩ ᠭᠤᠸᠠᠩ ᠯᠤ᠋ ᠲᠤᠩ︾  ᠬᠢᠲᠠᠳ ᠡᠮᠨᠡᠯᠭᠡ ᠶᠢᠨ ᠬᠤᠷᠢᠶ᠎ᠠ ᠪᠣᠯ ︽ᠵᠢᠶ ᠱᠠᠨ ᠶᠠᠩ ᠭᠤᠸᠠᠩ ᠯᠤ᠋ ᠲᠤᠩ ᠬᠡᠤᠬᠡᠳ ᠤᠨ ᠰᠠᠭᠤᠷᠢ ᠮᠥᠩᠭᠦ︾ ᠶᠢᠨ ᠪᠠᠷᠠᠭᠤᠨ ᠬᠤᠶᠢᠲᠤ ᠣᠷᠣᠨ ᠳᠠᠬᠢ ᠴᠣᠷ ᠤᠨ ᠭᠠᠭᠴᠠ ᠠᠪᠤᠷᠠᠨ ᠲᠤᠰᠠᠯᠠᠬᠤ ᠰᠠᠭᠤᠷᠢᠨ ᠭᠠᠵᠠᠷ ᠪᠣᠯᠤᠨ᠎ᠠ᠃ ᠵᠡᠮᠳᠡᠭ ᠬᠡᠦᠬᠡᠳ ᠤᠨ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠵᠦ᠂ ᠨᠡᠩ ᠤᠯᠠᠨ ᠡᠷᠡᠭᠦᠯᠵᠢᠯ ᠤᠨ ᠬᠡᠷᠡᠭᠴᠡᠭᠡ ᠲᠠᠢ ᠬᠡᠦᠬᠡᠳ ᠢ ᠬᠠᠪᠰᠤᠷᠴᠤ ᠴᠠᠭ ᠲᠤᠬᠠᠢ ᠳᠤᠨᠢ᠂ ᠪᠦᠲᠦᠮᠵᠢᠲᠡᠢ ᠡᠷᠡᠭᠦᠯᠵᠢᠯ ᠤᠨ ᠡᠮᠴᠢᠯᠡᠭᠡ ᠬᠦᠷᠲᠡᠭᠡᠬᠦ ᠶᠢᠨ ᠲᠥᠯᠥᠭᠡ᠂ 2025 ᠣᠨ ᠳᠤ ᠡᠵᠡᠨ ᠬᠤᠷᠤᠭ᠎ᠠ ᠬᠤᠰᠢᠭᠤᠨ ᠤ ᠲᠤᠬᠠᠢ ᠶᠢᠨ ᠭᠠᠵᠠᠷ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠲᠠᠷᠢᠬᠢᠨ ᠤ ᠰᠠ ᠡᠪᠡᠳᠴᠢᠨ ᠲᠠᠢ ᠬᠡᠦᠬᠡᠳ ᠢ ᠠᠪᠤᠷᠠᠨ ᠲᠤᠰᠠᠯᠠᠬᠤ ᠲᠦᠷᠦᠯ ᠵᠦᠢᠯ ᠢ ᠦᠷᠨᠢᠭᠦᠯᠵᠡᠢ᠂ ᠡᠨᠡ ᠨᠢ ᠵᠡᠮᠳᠡᠭᠴᠦᠳ ᠤᠨ ᠬᠤᠯᠪᠣᠭ᠎ᠠ ᠶᠢᠨ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠳᠤ ᠨᠡᠶᠢᠴᠡᠬᠦ ᠪᠥᠭᠡᠳ 2025 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠲᠤᠰᠢᠶᠠᠵᠤ᠂ ᠡᠮᠨᠡᠯᠭᠡ ᠳᠤ ᠰᠠᠭᠤᠵᠤ ᠡᠮᠨᠡᠭᠦᠯᠬᠦ ᠰᠠᠨᠠᠭ᠎ᠠ ᠲᠠᠢ ᠬᠡᠦᠬᠡᠳ ᠢ ᠡᠮᠨᠡᠯᠭᠡ ᠳᠤ ᠰᠠᠭᠤᠭᠰᠠᠨ ᠡᠳᠦᠷ ᠠᠴᠠ ᠡᠬᠢᠯᠡᠨ 6 ᠰᠠᠷ᠎ᠠ ᠶᠢᠨ ᠬᠤᠭᠤᠴᠠᠭ᠎ᠠ ᠲᠠᠢ ᠰᠦᠢᠳᠬᠡᠯ ᠬᠤᠷᠢᠶᠠᠬᠤ ᠦᠭᠡᠢ ᠪᠠᠷ ᠠᠪᠤᠷᠠᠨ ᠲᠤᠰᠠᠯᠠᠵᠤ᠂ ᠡᠮᠨᠡᠯᠭᠡ ᠳᠤ ᠰᠠᠭᠤᠭᠰᠠᠨ ᠬᠤᠭᠤᠴᠠᠭᠠᠨ ᠳᠤ ᠬᠤᠪᠢ ᠶᠢᠨ ᠰᠦᠢᠳᠬᠡᠯ ᠢ ᠴᠥᠮ ︽ᠵᠢᠶ ᠱᠠᠨ ᠶᠠᠩ ᠭᠤᠸᠠᠩ ᠯᠤ᠋ ᠲᠤᠩ ᠬᠡᠤᠬᠡᠳ ᠤᠨ ᠰᠠᠭᠤᠷᠢ ᠮᠥᠩᠭᠦ︾  ᠡᠭᠦᠷᠭᠡᠯᠡᠬᠦ ᠪᠠᠷ ᠪᠠᠶᠢᠨ᠎ᠠ᠃      ︽ᠵᠢᠶ ᠱᠠᠨ ᠶᠠᠩ ᠭᠤᠸᠠᠩ ᠯᠤ᠋ ᠲᠤᠩ ᠰᠠᠭᠤᠷᠢ ᠮᠥᠩᠭᠦ︾ 2013 ᠣᠨ ᠤ 12 ᠳ᠋ᠣᠭᠠᠷ ᠰᠠᠷ᠎ᠠ ᠶᠢᠨ 13 ᠤ ᠡᠳᠦᠷ ᠪᠠᠶᠢᠭᠤᠯᠤᠭᠳᠠᠵᠤ᠂ ᠳᠤᠮᠳᠠᠳᠤ ᠤᠯᠤᠰ ᠤᠨ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠲᠤᠰᠬᠠᠶᠢᠯᠠᠨ ᠶᠠᠳᠠᠭᠤ ᠬᠦᠴᠢᠷᠳᠡᠯ ᠲᠠᠢ ᠲᠠᠷᠢᠬᠢᠨ ᠤ ᠰᠠ ᠡᠪᠡᠳᠴᠢᠨ ᠲᠠᠢ ᠬᠡᠦᠬᠡᠳ ᠲᠤ ᠵᠣᠷᠢᠭᠤᠯᠤᠭᠰᠠᠨ ᠠᠩᠬᠠᠳᠠᠭᠴᠢ ᠲᠤᠰᠬᠠᠶ ᠠᠪᠤᠷᠠᠨ ᠲᠤᠰᠠᠯᠠᠬᠤ ᠰᠠᠭᠤᠷᠢ ᠮᠥᠩᠭᠦ ᠪᠣᠯᠤᠨ᠎ᠠ᠂ ᠡᠭᠦᠨ ᠢ ᠶᠠᠩ ᠭᠤᠸᠠᠩ ᠯᠤ᠋ ᠲᠤᠩ ᠤᠨ ᠡᠭᠦᠰᠭᠡᠨ ᠪᠠᠶᠢᠭᠤᠯᠤᠭᠴᠢ ᠵᠢᠶᠠ ᠯᠢ ᠪᠠᠶᠢᠭᠤᠯᠵᠤ᠂ ᠨᠡᠩ ᠣᠯᠠᠨ ᠶᠠᠳᠠᠭᠤ ᠬᠦᠴᠢᠷᠳᠡᠯ ᠲᠠᠢ ᠲᠠᠷᠢᠬᠢᠨ ᠤ ᠰᠠ ᠡᠪᠡᠳᠴᠢᠨ ᠲᠠᠢ ᠬᠡᠦᠬᠡᠳ ᠢ ᠶᠠᠩ ᠭᠤᠸᠠᠩ ᠯᠤ᠋ ᠲᠤᠩ ᠤᠨ ᠡᠷᠡᠭᠦᠯᠵᠢᠯ ᠤᠨ ᠠᠷᠭ᠎ᠠ ᠪᠠᠷ ᠪᠦᠲᠦᠮᠵᠢᠲᠡᠶ ᠠᠪᠤᠷᠠᠨ ᠵᠠᠰᠠᠬᠤ ᠶᠢᠨ ᠲᠥᠯᠥᠭᠡ ᠶᠤᠮ᠃      ᠬᠤᠶᠢᠰᠢᠳᠠ᠂ ᠶᠠᠩ ᠭᠤᠸᠠᠩ ᠯᠤ᠋ ᠲᠤᠩ ᠤᠷᠢᠳ ᠬᠤᠵᠢᠳ ᠠᠨᠾᠦ᠋ᠢ᠂ ᠵᠢᠶᠠᠩᠰᠦ᠂ ᠾᠧᠪᠸᠢ᠂ ᠥᠪᠥᠷ ᠮᠣᠩᠭᠤᠯ᠂ ᠱᠠᠨᠳᠦ᠋ᠩ᠂ ᠵᠧᠵᠢᠶᠠᠩ᠂ ᠵᠢᠶᠠᠩᠰᠢ᠂ ᠴᠦᠩᠴᠢᠩ᠂ ᠰᠧᠴᠤᠸᠠᠨ ᠵᠡᠷᠭᠡ ᠭᠠᠵᠠᠷ ᠲᠤ ᠬᠦᠷᠴᠦ ᠬᠠᠶᠢᠷ᠎ᠠ ᠬᠠᠯᠠᠮᠵᠢ ᠶᠢᠨ ᠡᠮᠴᠢᠯᠡᠭᠡ ᠶᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠠᠵᠢᠯᠯᠠᠭᠠᠨ ᠤ ᠬᠠᠮᠢᠶᠠᠷᠤᠯᠲᠠ ᠪᠠ ᠠᠨᠠᠭᠠᠬᠤ ᠤᠬᠠᠭᠠᠨ ᠤ ᠨᠠᠷᠢᠨ ᠨᠢᠮᠪᠠᠶ ᠪᠠᠶᠢᠴᠠᠭᠠᠯᠲᠠ ᠪᠠᠷ ᠳᠡᠮᠵᠢᠨ᠂ ᠵᠠᠭᠤ ᠭᠠᠷᠤᠶ ᠰᠠ ᠡᠪᠡᠳᠴᠢᠨ ᠲᠠᠢ ᠬᠡᠤᠬᠡᠳ ᠢ ᠠᠪᠤᠷᠠᠨ ᠲᠤᠰᠠᠯᠠᠭᠰᠠᠨ ᠪᠠᠶᠢᠨ᠎ᠠ᠃                    
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ