ᠡᠵᠡᠨ ᠬᠤᠷᠤᠭ᠎ᠠ ᠬᠤᠰᠢᠭᠤ ᠵᠠᠯᠠᠭᠤᠴᠤᠳ ᠪᠠᠭᠠᠴᠤᠳ ᠲᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠬᠠᠪᠤ ᠴᠡᠩᠬᠡᠯ ᠢ ᠡᠳ᠋ᠯᠡᠬᠦᠯᠵᠦ ᠪᠤᠢ
ᠨᠡᠶᠢᠲᠡᠯᠡᠭᠰᠡᠨ ᠴᠠᠭ᠄
2025/3/20
      2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠡᠵᠡᠨ ᠬᠤᠷᠤᠭ᠎ᠠ ᠬᠤᠰᠢᠭᠤ《 ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ 2 ᠴᠠᠭ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ 》 ᠤᠨ ᠱᠠᠭᠠᠷᠳᠠᠯᠭ᠎ᠠ ᠶᠣᠰᠣᠭᠠᠷ᠂ ᠰᠤᠷᠤᠭᠴᠢᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠶᠢ ᠠᠬᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂《 ᠡᠷᠡᠭᠦᠯ ᠮᠡᠨᠳᠦ ᠨᠢᠭᠡᠳᠦᠭᠡᠷ 》ᠰᠤᠷᠭᠠᠨ ᠬᠥᠮᠦᠵᠢᠯ ᠤᠨ ᠣᠨᠣᠯᠵᠢᠬᠤᠨ ᠢ ᠦᠢᠯᠡᠳᠦᠯᠭᠡᠵᠢᠭᠦᠯᠵᠦ᠂ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃       ᠡᠵᠡᠨ ᠬᠤᠷᠤᠭ᠎ᠠ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠨᠠᠷᠠᠨ ᠤ ᠭᠡᠷᠡᠯ ᠪᠡᠶ᠎ᠡ ᠶᠢᠨ ᠲᠠᠮᠢᠷ ᠤᠨ ᠶᠡᠭᠡ ᠬᠢᠴᠢᠶᠡᠯ ᠤᠨ ᠵᠠᠪᠰᠠᠷᠯᠠᠭ᠎ᠠ ᠳᠤ ᠣᠷᠣᠬᠤ ᠳᠤ᠂ ᠬᠤᠷᠢᠨ ᠳᠥᠷᠪᠡᠨ ᠴᠠᠭ ᠤᠨ ᠠᠭᠠᠷ ᠤᠨ ᠶᠡᠭᠡ ᠡᠷᠭᠢᠯᠲᠡ᠂ ᠠᠮᠤᠷ ᠲᠦᠪᠰᠢᠨ ᠤ ᠮᠡᠳᠡᠯᠭᠡ ᠶᠢᠨ ᠬᠥᠯᠭᠡ ᠰᠢᠳᠡᠷ᠎ᠡ᠂ ᠠᠪᠢᠶ᠎ᠠ ᠤᠩᠰᠢᠵᠤ ᠵᠣᠯᠭᠠᠭᠤᠯᠬᠤ ᠤᠷᠤᠯᠳᠤᠭᠠᠨ᠂ ᠪᠣᠯᠪᠠᠰᠤᠨ ᠶᠣᠰᠣ ᠶᠢ ᠪᠢ ᠮᠡᠳᠡᠨ᠎ᠡ᠂ ᠤᠯᠠᠮᠵᠢᠯᠠᠯᠲᠤ ᠨᠠᠭᠠᠳᠤᠮ ᠲᠣᠭᠯᠠᠭᠠᠮ ᠵᠡᠷᠭᠡ ᠨᠢ ᠪᠠᠭᠰᠢ ᠰᠤᠷᠤᠭᠴᠢᠳ ᠢ ᠶᠠᠰᠤ ᠰᠢᠷᠪᠥᠰᠥ ᠶᠢ ᠨᠢ ᠲᠡᠨᠢᠢᠯᠭᠡᠨ ᠪᠡᠶ᠎ᠡ ᠰᠡᠳᠬᠢᠯ ᠢ ᠨᠢ ᠲᠠᠶᠢᠪᠤᠰᠢᠷᠠᠭᠤᠯᠤᠨ᠎ᠠ᠃       ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ᠂ ᠳᠥᠷᠪᠡᠳᠦᠭᠡᠷ ᠪᠠᠭ᠎ᠠ ᠰᠤᠷᠭᠠᠭᠤᠯᠢ ᠨᠢ ᠪᠦᠬᠦ ᠰᠤᠷᠭᠠᠭᠤᠯᠢ ᠳᠤ ᠬᠠᠨᠳᠤᠭᠤᠯᠤᠨ ᠨᠠᠷᠠᠨ ᠤ ᠭᠡᠷᠡᠯ ᠬᠢᠴᠢᠶᠡᠯ ‍ᠦᠨ‌ᠵᠠᠪᠰᠠᠷᠯᠠᠭ᠎ᠠ ᠶᠢᠨ ᠭᠠᠵᠠᠷ ᠤᠨ ᠭᠠᠳᠠᠷᠭᠤ ᠶᠢᠨ ᠲᠤᠭᠯᠠᠭᠠᠮ ᠤᠨ ᠵᠢᠷᠤᠭ ᠲᠥᠯᠥᠪᠯᠡᠭᠡ ᠬᠢᠵᠦ ᠴᠤᠭᠯᠠᠭᠤᠯᠬᠤ᠂ ᠪᠣᠳᠣᠵᠤ ᠵᠢᠷᠤᠬᠤ ᠠᠵᠢᠯᠯᠠᠭ᠎ᠠ ᠥᠷᠨᠢᠭᠦᠯᠵᠦ᠂ ᠨᠡᠶᠢᠲᠡ 300 ᠭᠠᠷᠤᠢ ᠬᠤᠪᠢ ᠪᠦᠲᠦᠭᠡᠯ ᠴᠤᠭᠯᠠᠭᠤᠯᠵᠤ᠂   ᠬᠠᠮᠤᠭ ᠡᠴᠦᠰ ᠲᠤ 38 ᠬᠤᠪᠢ ᠲᠥᠯᠥᠪᠯᠡᠭᠡ ᠶᠢᠨ ᠡᠬᠡ ᠨᠣᠣᠷᠠᠭ ᠢ ᠨᠠᠶᠢᠳᠠᠪᠤᠷᠢᠵᠢᠭᠤᠯᠵᠠᠢ᠃ ᠭᠠᠵᠠᠷ ᠳᠡᠭᠡᠷᠡᠬᠢ ᠲᠣᠭᠯᠠᠭᠠᠮ ᠢ ᠤᠯᠠᠮᠵᠢᠯᠠᠯᠲᠤ ᠰᠣᠶᠣᠯ᠂ ᠰᠤᠷᠬᠤ ᠪᠢᠴᠢᠭ ᠤᠨ ᠮᠡᠳᠡᠯᠭᠡ᠂ ᠠᠮᠢᠳᠤᠷᠠᠯ ᠤᠨ ᠶᠡᠷᠦ ᠶᠢᠨ ᠮᠡᠳᠡᠯᠭᠡ ᠲᠠᠢ  ᠪᠠᠨ ᠤᠶᠠᠯᠳᠤᠭᠤᠯᠵᠤ᠂ ᠪᠠᠭᠰᠢ ᠰᠤᠷᠤᠭᠴᠢᠳ ᠬᠠᠮᠲᠤ ᠪᠠᠷ ᠲᠥᠰᠦᠪᠯᠡᠵᠦ᠂ ᠪᠡᠶ᠎ᠡ ᠪᠠᠷ ᠢᠶᠠᠨ ᠵᠢᠷᠤᠵᠤ ᠦᠢᠯᠡᠳᠦᠨ᠎ᠡ᠃ ᠬᠠᠪᠲᠠᠭᠠᠢ ᠵᠢᠷᠤᠭ ᠨᠢ ᠬᠡᠦᠬᠡᠳ ᠤᠳ ᠤᠨ ᠵᠢᠷᠤᠭ ᠵᠢᠷᠤᠬᠤ ᠪᠠᠷ ᠳᠠᠮᠵᠢᠭᠤᠯᠤᠨ᠂ ᠬᠢᠴᠢᠶᠡᠯ ᠤᠨ ᠵᠠᠪᠰᠠᠷᠯᠠᠭ᠎ᠠ ᠶᠢ ᠤᠯᠠᠮ ᠰᠣᠨᠢᠷᠬᠠᠯᠲᠠᠢ ᠪᠣᠯᠭᠠᠭᠰᠠᠨ ᠢᠶᠠᠷ ᠪᠠᠷᠠᠬᠤ ᠦᠭᠡᠢ ᠪᠠᠭᠰᠢ ᠰᠤᠷᠤᠭᠴᠢᠳ ᠤᠨ ᠬᠠᠷᠢᠯᠴᠠᠨ ᠣᠷᠣᠯᠴᠠᠬᠤ  ᠪᠠᠷ ᠳᠠᠮᠵᠢᠨ ᠨᠡᠩ ᠤᠯᠠᠨ ᠪᠠᠶᠠᠷ ᠴᠡᠩᠭᠡᠯ ᠢ ᠠᠪᠴᠢᠷᠠᠭᠰᠠᠨ ᠪᠠᠶᠢᠨ᠎ᠠ᠃      ᠳᠥᠷᠪᠡᠳᠦᠭᠡᠷ ᠪᠠᠭ᠎ᠠ ᠰᠤᠷᠭᠠᠭᠤᠯᠢ ᠶᠢᠨ ᠭᠠᠵᠠᠷ ᠳᠡᠭᠡᠷᠡᠬᠢ ᠲᠣᠭᠯᠠᠭᠠᠮ ᠪᠣᠯ ᠡᠵᠡᠨ ᠬᠤᠷᠤᠭ᠎ᠠ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ 《 ᠴᠠᠭ ᠨᠡᠮᠡᠵᠦ ᠴᠢᠨᠠᠷ ᠨᠡᠮᠡᠬᠦ 》 ᠬᠤᠷᠢᠶᠠᠩᠭᠤᠢ ᠳᠦᠷᠢ ᠪᠣᠯᠤᠨ᠎ᠠ᠃ ᠪᠦᠬᠦ ᠬᠤᠰᠢᠭᠤᠨ ᠤ ᠡᠯ᠎ᠡ ᠰᠤᠷᠭᠠᠭᠤᠯᠢ ᠨᠢ ᠪᠦᠷ ᠡᠳᠦᠷ ᠪᠦᠷᠢ ᠨᠢᠭᠡ ᠬᠢᠴᠢᠶᠡᠯ ᠪᠡᠶ᠎ᠡ ᠶᠢᠨ ᠲᠠᠮᠢᠷ ᠪᠠ ᠡᠷᠡᠭᠦᠯ ᠮᠡᠨᠳᠦ ᠶᠢᠨ ᠬᠢᠴᠢᠶᠡᠯ ᠨᠡᠭᠡᠭᠡᠵᠦ᠂ 《 ᠡᠷᠡᠭᠦᠯ ᠮᠡᠨᠳᠦ ᠶᠢᠨ ᠮᠡᠳᠡᠯᠭᠡ + ᠦᠨᠳᠦᠰᠦᠨ ᠬᠥᠳᠡᠯᠭᠡᠭᠡᠨ ᠤ ᠮᠡᠷᠭᠡᠵᠢᠯ ᠴᠢᠳᠠᠪᠤᠷᠢ + ᠲᠤᠰᠬᠠᠢ ᠵᠦᠢᠯ ᠤᠨ ᠬᠥᠳᠡᠯᠭᠡᠭᠡᠨ ᠤ ᠮᠡᠷᠭᠡᠵᠢᠯ ᠴᠢᠳᠠᠪᠤᠷᠢ 》 ᠶᠢᠨ ᠲᠠᠮᠢᠷ ᠤᠨ ᠵᠢᠭᠠᠨ ᠰᠤᠷᠭᠠᠯᠲᠠ ᠶᠢᠨ ᠰᠢᠨ᠎ᠡ ᠵᠠᠭᠪᠤᠷ ᠢᠶᠠᠷ ᠳᠠᠮᠵᠢᠨ᠂ 《 ᠰᠤᠷᠤᠯᠴᠠᠬᠤ᠂ ᠪᠣᠯᠪᠠᠰᠤᠷᠠᠬᠤ᠂ ᠤᠷᠤᠯᠳᠤᠭᠠᠨ 》 ᠢ ᠨᠢᠭᠡ ᠴᠤᠭᠴᠠᠵᠢᠭᠤᠯᠵᠤ᠂ ᠰᠢᠰᠲ᠋ᠧᠮᠵᠢᠭᠦᠯᠦᠭᠰᠡᠨ ᠵᠢᠭᠠᠨ ᠰᠤᠷᠭᠠᠯᠲᠠ ᠶᠢ ᠴᠢᠬᠤᠯᠠᠴᠢᠯᠠᠨ᠂ ᠰᠤᠷᠤᠭᠴᠢᠳ ᠲᠤ ᠨᠠᠰᠤᠨ ᠲᠤᠷᠰᠢᠲᠠ ᠬᠡᠷᠡᠭᠯᠡᠬᠦ 1 ︱ 2 ᠵᠦᠢᠯ ᠤᠨ ᠲᠠᠮᠢᠷ ᠤᠨ ᠬᠥᠳᠡᠯᠭᠡᠭᠡᠨ ᠤ ᠮᠡᠷᠭᠡᠵᠢᠯ ᠴᠢᠳᠠᠪᠤᠷᠢ ᠶᠢ ᠡᠵᠡᠮᠰᠢᠭᠦᠯᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠶᠢᠨ ᠰᠠᠶᠢᠬᠠᠨ ᠳᠠᠳᠬᠠᠯ ᠢ ᠪᠣᠢ ᠪᠣᠯᠭᠠᠬᠤ ᠪᠠᠷ ᠴᠢᠷᠮᠠᠶᠢᠨ᠎ᠠ᠃ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠨᠢᠭᠡ  ᠬᠢᠴᠢᠶᠡᠯ ᠢ ᠪᠠᠲᠤᠯᠠᠭᠰᠠᠨ ᠰᠠᠭᠤᠷᠢᠨ ᠳᠡᠭᠡᠷ᠎ᠡ᠂ ᠡᠯ᠎ᠡ ᠰᠤᠷᠭᠠᠭᠤᠯᠢ ᠨᠢ 30 ᠮᠢᠨᠦ᠋ᠲ ᠤᠨ  ᠬᠢᠴᠢᠶᠡᠯᠯᠡᠬᠦ ᠠᠴᠠ  ᠡᠮᠦᠨᠡᠬᠢ ᠪᠡᠶ᠎ᠡ ᠶᠢᠨ ᠲᠠᠮᠢᠷ ᠤᠨ ᠥᠷᠯᠥᠭᠡᠨ ᠤ ᠪᠣᠯᠪᠠᠰᠤᠷᠠᠯ᠂ ᠦᠳᠡ ᠶᠢᠨ ᠡᠮᠦᠨ᠎ᠡ ᠪᠠ ᠦᠳᠡ ᠶᠢᠨ ᠬᠤᠶᠢᠨ᠎ᠠ 30 ᠮᠢᠨᠦ᠋ᠲ  ᠤᠨ 2 ᠵᠦᠢᠯ ᠤᠨ ᠨᠠᠷᠠᠨ ᠤ ᠭᠡᠷᠡᠯ ᠪᠡᠶ᠎ᠡ ᠶᠢᠨ ᠲᠠᠮᠢᠷ ᠤᠨ ᠶᠡᠭᠡ ᠬᠢᠴᠢᠶᠡᠯ ᠢ ᠲᠤᠬᠢᠷᠠᠭᠤᠯᠵᠤ᠂ 5 ᠮᠢᠨᠦ᠋ᠲ ᠤᠨ ᠨᠢᠳᠤᠨ ᠤ ᠡᠷᠡᠭᠦᠯᠵᠢᠯ ᠤᠨ ᠲᠠᠮᠢᠷ ᠲᠣᠬᠢᠷᠠᠭᠤᠯᠬᠤ ᠶᠢᠨ ᠬᠠᠮᠲᠤ ᠬᠢᠴᠢᠶᠡᠯ ᠤᠨ ᠳᠠᠷᠠᠭ᠎ᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠰᠣᠩᠭᠤᠨ ᠠᠩᠭᠢ ᠶᠠᠪᠤᠬᠤ᠂ ᠣᠨᠴᠠᠯᠢᠭᠲᠤ ᠪᠡᠶ᠎ᠡ ᠶᠢᠨ ᠲᠠᠮᠢᠷ ᠤᠨ ᠬᠢᠴᠢᠶᠡᠯ ᠵᠡᠷᠭᠡ ᠳᠤ ᠦᠢᠯᠡᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠡᠳᠦᠷ ᠪᠦᠷᠢ ᠶᠢᠨ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ 2  ᠴᠠᠭ ᠠᠴᠠ ᠳᠤᠲᠠᠭᠤ ᠦᠭᠡᠢ ᠪᠠᠶᠢᠯᠭᠠᠬᠤ ᠶᠢ  ᠪᠠᠲᠤᠯᠠᠵᠣ ᠪᠠᠶᠢᠨ᠎ᠠ᠃       2025 ᠣᠨ ᠳᠤ᠂ ᠡᠵᠡᠨ ᠬᠤᠷᠤᠭ᠎ᠠ ᠬᠤᠰᠢᠭᠤ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠨᠥᠬᠦᠴᠡᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠠᠰᠠᠷ ᠤᠨ ᠵᠠᠮ᠂ ᠬᠡᠷᠡᠮ ᠬᠠᠨ᠎ᠠ᠂ ᠭᠠᠵᠠᠷ ᠳᠡᠭᠡᠷᠡᠬᠢ ᠣᠷᠣᠨ ᠵᠠᠢ ᠶᠢ ᠭᠦᠢᠴᠡᠳ ᠠᠰᠢᠭᠯᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠰᠤᠷᠭᠠᠭᠤᠯᠢ ᠶᠢᠨ ᠳᠣᠲᠣᠷᠠᠬᠢ《 ᠪᠢᠴᠢᠯ ᠲᠠᠮᠢᠷ ᠤᠨ ᠲᠠᠯᠠᠪᠠᠢ 》 ᠶᠢ ᠪᠠᠶᠢᠭᠤᠯᠵᠤ᠂ ᠰᠤᠷᠤᠭᠴᠢᠳ ᠢ ᠰᠤᠷᠭᠠᠭᠤᠯᠢ ᠶᠢᠨ ᠬᠦᠷᠢᠶᠡᠨ ᠳᠤ ᠬᠡᠵᠢᠶ᠎ᠡ ᠬᠠᠮᠢᠭ᠎ᠠ ᠴᠤ ᠭᠡᠰᠡᠨ ᠲᠠᠮᠢᠷ ᠤᠨ ᠪᠣᠯᠪᠠᠰᠤᠷᠠᠯ ᠬᠢᠵᠦ  ᠪᠣᠯᠬᠤ  ᠪᠤᠯᠭᠠᠨ᠎ᠠ᠃ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠲᠠᠮᠢᠷ ᠤᠨ ᠪᠠᠭᠰᠢ ᠶᠢᠨ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠪᠠᠭᠰᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠪᠠ ᠬᠠᠮᠵᠢᠯᠴᠠᠬᠤ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠢᠭᠠᠨ ᠰᠤᠷᠭᠠᠬᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ᠂ ᠤᠷᠤᠯᠳᠤᠭᠠᠨ ᠤ ᠠᠵᠢᠯᠯᠠᠭ᠎ᠠ ᠥᠷᠨᠢᠭᠦᠯᠬᠦ ᠶᠢ ᠪᠠᠷᠢᠮᠲᠠᠯᠠᠨ᠂ ᠬᠤᠰᠢᠭᠤ᠂ ᠰᠤᠷᠭᠠᠭᠤᠯᠢ᠂ ᠠᠩᠭᠢ ᠭᠤᠷᠪᠠᠨ ᠱᠠᠲᠤᠨ ᠤ ᠤᠷᠤᠯᠳᠤᠭᠠᠨ ᠢ ᠥᠷᠭᠡᠨ ᠳᠡᠯᠭᠡᠷ ᠵᠣᠬᠢᠶᠠᠨ ᠪᠠᠶᠢᠭᠤᠯᠵᠤ᠂《 ᠭᠠᠷᠠᠭ ᠪᠦᠷᠢ ᠬᠥᠳᠡᠯᠭᠡᠭᠡᠨ ᠲᠠᠢ᠂ ᠰᠠᠷ᠎ᠠ ᠪᠦᠷᠢ ᠤᠷᠤᠯᠳᠤᠭᠠᠨ ᠲᠠᠢ᠂ ᠬᠥᠮᠦᠨ ᠪᠦᠷᠢ ᠴᠥᠮ ᠣᠷᠣᠯᠴᠠᠬᠤ 》ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠰᠣᠶᠣᠯ ᠤᠨ ᠣᠷᠴᠢᠨ ᠠᠬᠤᠢ ᠶᠢ ᠢᠳᠡᠪᠬᠢᠲᠡᠢ ᠪᠠᠷ ᠪᠣᠢ ᠪᠣᠯᠭᠠᠨ᠎ᠠ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ