| ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ ᠬᠠᠮᠠᠭᠠᠯᠠᠬᠤ ᠶᠢᠨ ᠲᠥᠯᠥᠭᠡ᠂ ᠤᠢᠢᠷ᠎ᠠ ᠶᠢᠨ ᠡᠳᠦᠷ᠂ | ᠤᠯᠤᠰ ᠤᠨ ᠦᠮᠴᠢᠯᠡᠯᠳᠤ ᠤᠢ ᠰᠢᠭᠤᠢ ᠶᠢᠨ ᠲᠠᠯᠠᠪᠠᠢ ᠶᠢᠨ ᠰᠢᠨ᠎ᠡ ᠵᠡᠭᠡᠯᠢ ᠶᠢᠨ ᠡᠯᠡᠰᠦ ᠶᠢ ᠵᠠᠰᠠᠬᠤ ᠦᠷᠳᠡᠭᠡ ᠳᠤ ᠪᠡᠯᠴᠢᠭᠡᠷᠯᠡᠭᠦᠯᠬᠦ ᠶᠢ ᠵᠤᠭᠰᠤᠭᠠᠬᠤ | ᠤᠬᠠᠭᠤᠯᠭ᠎ᠠ ᠶᠢᠨ ᠠᠵᠢᠯ ᠦᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠨᠢ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ ᠪᠡᠯᠴᠢᠭᠡᠷᠯᠡᠭᠦᠯᠬᠦ ᠶᠢ ᠵᠤᠭᠰᠤᠭᠠᠬᠤ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ ᠵᠡᠷᠭᠡ ᠬᠡᠯᠪᠡᠷᠢ ᠪᠠᠷ ᠥᠷᠭᠡᠨ ᠣᠯᠠᠨ ᠮᠠᠯᠴᠢᠳ ᠲᠤ ᠠᠮᠢ ᠠᠬᠤᠶ ᠶᠢᠨ ᠤᠷᠭᠤᠮᠠᠯ ᠤᠨ ᠬᠤᠴᠢᠯᠭ᠎ᠠ ᠶᠢ ᠬᠠᠮᠠᠭᠠᠯᠠᠬᠤ ᠶᠢᠨ ᠴᠢᠬᠤᠯᠠ ᠴᠢᠨᠠᠷ ᠢ ᠭᠦᠨᠵᠡᠭᠡᠶ | ᠲᠠᠨᠢᠭᠤᠯᠵᠤ᠂ ᠮᠠᠯᠴᠢᠳ ᠤᠨ ᠤᠬᠠᠮᠰᠠᠷ ᠠᠴᠠ ᠪᠠᠨ ᠬᠠᠰᠢᠶᠠᠯᠠᠨ ᠲᠡᠵᠢᠭᠡᠵᠦ᠂ ᠡᠪᠡᠰᠦ ᠪᠣᠷᠳᠤᠭ᠎ᠠ ᠬᠤᠳᠠᠯᠳᠤᠨ ᠠᠪᠴᠤ ᠨᠥᠭᠡᠴᠡᠯᠡᠬᠦ ᠵᠡᠷᠭᠡ ᠠᠵᠢᠯ ᠢ ᠯᠠᠪᠳᠠᠭᠤᠨ | ᠪᠠᠲᠤᠲᠠᠶ ᠬᠢᠬᠦ ᠶᠢ ᠰᠠᠨᠠᠭᠠᠴᠢᠯᠠᠭᠰᠠᠨ ᠪᠦᠭᠡᠳ ᠰᠥᠨᠢ ᠪᠠᠷ ᠬᠤᠯᠠᠭᠠᠶᠢᠯᠠᠨ ᠬᠠᠷᠢᠭᠤᠯᠬᠤ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠪᠠᠷ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠰᠢᠨ᠎ᠡ ᠵᠡᠭᠡᠯᠢ ᠶᠢᠨ ᠡᠯᠡᠰᠦ ᠶᠢ ᠵᠠᠰᠠᠬᠤ ᠥᠷᠲᠡᠭᠡ ᠨᠢ | ᠪᠡᠯᠴᠢᠭᠡᠷᠯᠡᠭᠦᠯᠬᠦ ᠶᠢ ᠵᠤᠭᠰᠣᠭᠠᠬᠤ ᠠᠵᠢᠯ ᠢ ᠤᠬᠠᠭᠤᠯᠬᠤ ᠪᠠ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠮᠢᠶ᠎ᠠ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠪᠡᠯᠴᠢᠭᠡᠷᠯᠡᠭᠦᠯᠬᠦ ᠶᠢ | ᠵᠤᠭᠰᠤᠭᠠᠬᠤ ᠠᠵᠢᠯ ᠢ ᠪᠣᠳᠠᠲᠠᠶᠢᠵᠢᠭᠤᠯᠤᠨ ᠨᠠᠷᠢᠯᠢᠭ ᠬᠢᠵᠦ᠂ ᠮᠠᠯᠴᠢᠨ ᠲᠠᠷᠢᠶᠠᠴᠢᠨ ᠤ ᠠᠮᠢ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢ ᠲᠠᠰᠤᠷᠠᠯᠲᠠ ᠥᠬᠡᠶ | ᠴᠢᠩᠭᠠᠷᠠᠭᠤᠯᠵᠤ᠂ ᠮᠠᠨ ᠤ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠪᠠᠷ ᠪᠠᠶᠢᠨ᠎ᠠ᠃ |