| 2025 ᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠷᠠᠯᠳᠤᠭᠤᠯᠤᠭᠰᠠᠨ | ᠠᠩᠬᠠᠳᠤᠭᠠᠷ ᠤᠳᠠᠭᠠᠨ ᠤ《 ᠨᠠᠮ ᠤᠨ ᠪᠠᠶᠢᠭᠤᠯᠤᠯᠲᠠ + ᠠᠨᠠᠷ ᠤᠨ ᠦᠷ᠎ᠡ 》 ᠶᠢᠨ ᠬᠤᠷᠠᠯ ᠳᠡᠭᠡᠷ᠎ᠡ᠂《 ᠡᠵᠡᠨ ᠬᠤᠷᠤᠭ᠎ᠠ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠸᠠᠷ ᠫᠤᠤᠵᠢᠩ ᠡᠵᠡᠩᠨᠡᠵᠦ ᠵᠢᠵᠢᠭᠯᠡᠨ ᠬᠤᠳᠠᠯᠳᠤᠬᠤ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠢ | ᠰᠦᠯᠵᠢᠶᠡᠨ ᠳᠡᠭᠡᠷ᠎ᠡ ᠭᠥᠯᠢᠶᠡᠨ ᠠᠪᠴᠤ ᠭᠦᠶᠴᠡᠳᠬᠡᠬᠦ ᠭᠤᠤᠯᠳᠠᠯᠭ᠎ᠠ ᠲᠠᠢ ᠠᠵᠢᠯ 》 ᠢ ᠵᠠᠷᠯᠠᠨ ᠰᠠᠶᠢᠰᠢᠶᠠᠵᠤ᠂ ᠲᠣᠰ ᠠᠵᠢᠯ ᠢ ᠪᠥᠬᠦ ᠬᠤᠲᠠ ᠳᠤ《 ᠰᠦᠯᠵᠢᠶᠡᠨ | ᠠᠴᠠ ᠭᠠᠳᠠᠨ᠎ᠠ ᠰᠦᠯᠵᠢᠶᠡᠨ ᠳᠡᠭᠡᠷ᠎ᠡ ᠭᠦᠶᠴᠡᠳᠬᠡᠬᠦ 》ᠵᠦᠭ ᠬᠤᠪᠢᠷᠠᠭᠤᠯᠬᠤ ᠶᠢ ᠡᠩ ᠲᠡᠷᠢᠭᠦᠨ ᠳᠤ ᠪᠡᠶᠡᠯᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠠᠵᠢᠯ ᠢ ᠪᠣᠳᠠᠲᠠᠶ ᠬᠢᠵᠦ᠂ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠶ ᠬᠡᠪᠡ᠃ | 2025 ᠣᠨ ᠳᠤ ᠡᠵᠡᠨ ᠬᠤᠷᠤᠭ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠸᠢᠴᠠᠲ ᠤᠨ ᠵᠢᠵᠢᠭ ᠫᠷᠤᠭ᠍ᠷᠠᠮ | ᠢᠶᠠᠷ ᠳᠠᠮᠵᠢᠭᠤᠯᠤᠨ ᠨᠢᠭᠡ ᠥᠷᠲᠡᠭᠡᠴᠢᠯᠡᠭᠰᠡᠨ ᠦᠶᠯᠡᠴᠢᠯᠡᠭᠡ ᠬᠠᠩᠭᠠᠵᠤ᠂ ᠬᠤᠸᠠᠷ ᠫᠤᠤᠵᠢᠩ ᠤᠨ ᠡᠵᠡᠩᠨᠡᠯᠲᠡ ( ᠵᠢᠵᠢᠭᠯᠡᠨ ᠬᠤᠳᠠᠯᠳᠤᠬᠤ ) ᠶᠢᠨ ᠵᠥᠪᠰᠢᠶᠡᠷᠡᠯ | ᠭᠤᠶᠤᠴᠢᠯᠠᠬᠤ ᠴᠤᠪᠤᠷᠠᠯ ᠢ ᠰᠢᠯᠢᠳᠡᠭᠵᠢᠭᠦᠯᠵᠦ᠂ ᠭᠤᠶᠤᠴᠢᠯᠠᠭᠴᠢ ᠴᠠᠭ ᠲᠤᠬᠠᠶ ᠳᠤᠨᠢ ᠮᠠᠲ᠋ᠧᠷᠢᠶᠠᠯ ᠢᠶᠠᠨ ᠲᠤᠰᠢᠶᠠᠵᠤ᠂ ᠠᠵᠢᠯᠯᠠᠬᠤ ᠴᠠᠭ ᠤᠨ ᠬᠢᠵᠠᠭᠠᠷᠯᠠᠯ ᠢ | ᠬᠦᠯᠢᠶᠡᠬᠦ ᠥᠬᠡᠶ ᠪᠠᠶᠢᠵᠤ᠂ ᠭᠤᠶᠤᠴᠢᠯᠠᠬᠤ ᠶᠠᠪᠤᠴᠠ ᠶᠢ ᠨᠠᠩ ᠠᠮᠢᠳᠤᠯᠢᠭ ᠲᠥᠬᠦᠮ ᠪᠣᠯᠭᠠᠵᠤ᠂ ᠭᠤᠶᠤᠴᠢᠯᠠᠭᠴᠢ ᠪᠦᠬᠦᠶᠢᠯᠡ ᠭᠤᠶᠤᠴᠢᠯᠠᠬᠤ ᠴᠤᠪᠤᠷᠠᠯ ᠤᠨ | ᠪᠠᠶᠢᠳᠠᠯ ᠢ ᠲᠣᠳᠣᠷᠬᠠᠶ ᠣᠯᠵᠤ ᠬᠠᠷᠠᠵᠤ᠂ ᠭᠦᠶᠴᠡᠳᠬᠡᠬᠦ ᠠᠬᠢᠴᠠ ᠶᠢ ᠴᠠᠭ ᠲᠤᠬᠠᠶ ᠳᠤᠨᠢ ᠪᠠᠶᠢᠴᠠᠭᠠᠨ ᠯᠠᠪᠯᠠᠵᠤ᠂ ᠵᠠᠰᠠᠭ ᠵᠠᠬᠢᠷᠭᠠᠨ ᠤ ᠢᠯᠡ ᠲᠣᠳᠣ ᠶᠢᠨ ᠬᠡᠮᠵᠢᠶ᠎ᠡ | ᠶᠢ ᠨᠡᠮᠡᠭᠳᠡᠭᠦᠯᠵᠦ᠂ ᠭᠤᠶᠤᠴᠢᠯᠠᠭᠴᠢ ᠨᠠᠰᠢ ᠴᠠᠰᠢ ᠭᠦᠶᠦᠬᠦ ᠴᠢᠬᠤᠯᠠ ᠥᠬᠡᠶ ᠪᠣᠯᠵᠣ᠂ ᠦᠶᠯᠡᠴᠢᠯᠡᠭᠡᠨ ᠤ ᠶᠠᠰᠤ ᠴᠢᠨᠠᠷ ᠪᠠ ᠬᠠᠨᠤᠮᠵᠢ ᠶᠢᠨ ᠬᠡᠮᠵᠢᠶ᠎ᠡ ᠶᠢ ᠶᠡᠭᠡ ᠪᠠᠷ | ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ《 ᠵᠣᠷᠢᠭᠲᠠᠶ ᠪᠠᠷ ᠳᠠᠪᠠᠵᠤ᠂ ᠵᠣᠷᠢᠭᠲᠠᠶ ᠪᠠᠷ ᠰᠢᠨ᠎ᠡ ᠶᠢ ᠡᠭᠦᠳᠬᠦ 》 | ᠠᠵᠢᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠴᠢᠩᠭ᠎ᠠ ᠨᠢᠮᠪᠠᠶ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢ ᠦᠷᠭᠦᠯᠵᠢᠯᠡᠨ ᠪᠠᠲᠤᠯᠠᠵᠤ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠡᠭᠦᠷᠭᠡ ᠨᠢᠭᠡᠪᠦᠷᠢ ᠳᠤ ᠬᠢᠨᠠᠮᠠᠭᠠᠶ ᠬᠠᠨᠳᠤᠵᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ ᠠᠴᠠ ᠴᠤᠪᠤᠷᠠᠯ ᠢ ᠠᠬᠢᠭᠤᠯᠬᠤ ᠬᠦᠷᠲᠡᠯ᠎ᠡ᠂ | ᠨᠠᠷᠢᠨ ᠵᠦᠶᠯᠡᠰ ᠢ ᠡᠵᠡᠮᠳᠡᠬᠦ ᠠᠴᠠ ᠪᠦᠬᠦᠯᠢ ᠴᠣᠭᠴᠠ ᠪᠠᠷ ᠨᠢ ᠨᠢᠭᠡᠳᠦᠯᠲᠡᠶ ᠲᠥᠯᠥᠪᠯᠡᠬᠦ ᠬᠦᠷᠲᠡᠯ᠎ᠡ᠂ ᠥᠴᠦᠬᠡᠨ ᠴᠦ ᠣᠰᠣᠯᠳᠠᠬᠤ ᠥᠬᠡᠶ᠂ ᠬᠢᠨᠠᠨ ᠵᠥᠪᠰᠢᠶᠡᠷᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠵᠦ᠂ ᠥᠷᠭᠡᠨ ᠤᠯᠠᠨ ᠠᠷᠠᠳ ᠲᠦᠮᠡᠨ ᠳᠤ ᠨᠡᠩ ᠴᠢᠨᠠᠷ ᠰᠠᠶᠢᠲᠠᠢ᠂ | ᠬᠠᠨᠤᠮᠵᠢᠲᠠᠢ ᠦᠢᠯᠡᠴᠢᠯᠡᠭᠡ ᠬᠠᠩᠭᠠᠨ᠎ᠠ᠃ |