| 3 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2025 ᠣᠨ ᠤ ᠬᠠᠪᠤᠷ ᠤᠨ ᠤᠯᠠᠷᠢᠯ ᠤᠨ | ᠰᠤᠷᠤᠯᠭ᠎ᠠ ᠡᠬᠢᠯᠡᠬᠦ ᠶᠣᠰᠣᠯᠠᠯ ᠵᠢᠴᠢ ᠪᠥᠬᠦ ᠬᠤᠰᠢᠭᠤᠨ ᠤ ︽ᠨᠢᠭᠡᠳᠦᠭᠡᠷ ᠭᠠᠷ︾ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ ᠬᠢᠴᠢᠶᠡᠯ | ᠡᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠬᠢᠷᠤᠯ ᠡᠣ ᠶᠦᠨ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠭᠦᠸᠧ ᠹᠠᠨ | ᠬᠤᠷᠠᠯ ᠢ ᠡᠷᠭᠢᠯᠡᠪᠡ᠃ ᠬᠤᠰᠢᠭᠤᠨ ᠤ ᠤᠳᠤᠷᠢᠳᠤᠯᠭ᠎ᠠ ᠸᠠᠩ ᠰᠡᠴᠡᠨ᠂ ᠸᠠᠩ ᠬᠠᠢ ᠹᠧᠩ ᠣᠷᠣᠯᠴᠠᠪᠠ᠃ | ᠡᠣ ᠶᠦᠨ ᠬᠡᠯᠡᠬᠦ ᠳᠡᠭᠡᠨ᠂ ︽ᠨᠢᠭᠡᠳᠦᠭᠡᠷ ᠭᠠᠷ︾ ᠤᠨ ᠤᠯᠤᠰ ᠲᠥᠷᠥ ᠶᠢᠨ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠪᠥᠬᠦ ᠵᠢᠯ ᠤᠨ ᠪᠣᠯᠪᠠᠰᠤᠷᠠᠯ ᠤᠨ ︽ | ᠨᠢᠭᠡᠳᠦᠭᠡᠷ ᠬᠢᠴᠢᠶᠡᠯ︾ ᠪᠣᠯᠭᠠᠵᠤ ᠪᠠᠶᠢᠭ᠎ᠠ ᠶᠢᠨ ᠵᠣᠷᠢᠯᠭ᠎ᠠ ᠨᠢ ᠣᠯᠠᠨ ᠢ ᠤᠯᠠᠮ ᠨᠢᠭᠡ ᠠᠯᠬᠤᠮ ᠰᠡᠳᠬᠢᠮᠵᠢ ᠪᠠᠨ ᠲᠣᠳᠣᠷᠬᠠᠶ ᠪᠣᠯᠭᠠᠵᠤ᠂ ᠴᠢᠳᠠᠪᠤᠷᠢ ᠪᠠᠨ | ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠶᠢᠨ ᠲᠥᠯᠥᠭᠡ ᠶᠤᠮ᠂ | ᠣᠯᠠᠨ ᠢᠶᠠᠷ ᠢᠶᠠᠨ ᠲᠣᠭᠲᠠᠯ ᠬᠦᠴᠦᠨ ᠬᠦᠴᠦᠷᠬᠡᠭ ᠶᠡᠭᠡ ︽ᠨᠢᠭᠡᠳᠦᠭᠡᠷ ᠭᠠᠷ︾ ᠪᠣᠯᠵᠣ᠂ ᠤᠯᠤᠰ ᠲᠥᠷᠥ᠂ ᠬᠥᠭᠵᠢᠯᠲᠡ᠂ ᠰᠠᠬᠢᠯᠭ᠎ᠠ ᠪᠠᠲᠤ ᠶᠢᠨ ᠲᠣᠭᠲᠠᠯ | ᠬᠦᠴᠦᠨ ᠢᠶᠠᠨ ᠪᠠᠲᠤᠳᠬᠠᠵᠤ᠂ ᠡᠯ᠎ᠡ ᠵᠤᠶᠢᠯ ᠤᠨ ᠠᠵᠢᠯ ᠢ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠬᠢᠬᠦ ᠶᠢ ᠠᠬᠢᠭᠤᠯᠵᠤ᠂ | ᠬᠥᠭᠵᠢᠯᠲᠡ ᠶᠢᠨ ᠬᠠᠷᠠᠯᠲᠠ ᠪᠠᠨ ᠪᠠᠲᠤᠳᠬᠠᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠬᠤ ᠭᠡᠷᠡᠭᠳᠡᠢ᠃ ᠡᠷᠳᠡᠮ ᠴᠢᠳᠠᠪᠤᠷᠢ ᠪᠠᠷ ᠴᠠᠭᠠᠷᠠᠭᠰᠠᠨ | ︽ᠨᠢᠭᠡᠳᠦᠭᠡᠷ ᠭᠠᠷ︾ ᠪᠤᠯᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ᠂ ᠪᠠᠭ᠎ᠠ ᠠᠴᠠ ᠶᠡᠭᠡ ᠶᠢ ᠮᠡᠳᠡᠬᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ | ᠬᠡᠷᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠵᠦ᠂ ᠠᠵᠠ ᠲᠣᠬᠢᠶᠠᠯ ᠢ ᠰᠡᠷᠭᠡᠭ ᠢᠶᠠᠷ ᠣᠯᠵᠤ᠂ ᠠᠷᠭ᠎ᠠ ᠬᠡᠮᠵᠢᠶ᠎ᠡ ᠶᠢ ᠣᠨᠣᠪᠴᠢᠲᠠᠢ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠬᠢᠭᠤᠯᠬᠤ | ᠬᠡᠷᠡᠭᠲᠡᠢ᠃ ᠡᠷᠴᠢ ᠵᠣᠷᠢᠭ ᠲᠡᠭᠦᠯᠳᠡᠷ ︽ᠨᠢᠭᠡᠳᠦᠭᠡᠷ ᠭᠠᠷ︾ ᠪᠤᠯᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ | ᠬᠠᠲᠠᠭᠤ ᠲᠠᠢ ᠨᠢ ᠬᠠᠯᠳᠠᠬᠤ ᠡᠷᠴᠢ ᠵᠣᠷᠢᠭ ᠢᠶᠠᠨ ᠪᠠᠲᠤᠯᠠᠵᠤ᠂ ᠡᠯ᠎ᠡ ᠬᠦᠷᠢᠶᠡᠨ ᠳᠤ ᠲᠡᠷᠢᠭᠦᠨ ᠤ ᠬᠢ ᠪᠣᠯᠬᠤ ᠪᠠᠷ ᠴᠢᠷᠮᠠᠶᠢᠵᠤ ᠰᠢᠯᠢᠳᠡᠭ ᠢ ᠡᠭᠦᠳᠴᠦ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠵᠥᠷᠢᠴᠡᠯ ᠳᠤ ᠰᠢᠭᠤᠳ ᠬᠠᠨᠳᠤᠵᠤ ᠬᠦᠴᠢᠷ ᠢ | ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠢ᠃ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ︽ᠨᠢᠭᠡᠳᠦᠭᠡᠷ ᠭᠠᠷ︾ ᠪᠣᠯᠵᠣ᠂ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ᠂ | ᠠᠷᠠᠳ ᠤᠨ ᠲᠥᠯᠥᠭᠡ ᠵᠢᠳᠬᠦᠬᠦ ᠰᠡᠳᠬᠢᠯᠭᠡ᠂ ᠠᠯᠪᠠᠨ ᠵᠠᠷᠤᠴᠠ ᠶᠢᠨ ᠰᠡᠳᠬᠢᠯᠭᠡ ᠲᠠᠢ ᠪᠣᠯᠵᠣ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠡᠵᠡᠨ ᠬᠤᠷᠤᠭ᠎ᠠ ᠶᠢ | ᠰᠠᠶᠢᠲᠤᠷ ᠪᠥᠲᠥᠭᠡᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠦᠨᠳᠦᠰᠦᠨ ᠱᠠᠲᠤ᠂ ᠠᠵᠤ ᠠᠬᠤᠶᠢᠯᠠᠯ᠂ ᠣᠯᠠᠨ ᠲᠦᠮᠡᠨ | ᠪᠠ ᠬᠥᠭᠵᠢᠯᠲᠡ ᠳᠤ ᠰᠠᠶᠢᠲᠤᠷ ᠦᠢᠯᠡᠴᠢᠯᠡᠬᠦ ᠶᠢ ᠬᠦᠰᠡᠮᠵᠢᠯᠡᠪᠡ᠃ | ᠦ᠋ ᠶᠦᠨ ᠪᠦᠬᠦ ᠵᠢᠯ ᠤᠨ ᠨᠠᠮ ᠤᠨ ᠭᠡᠰᠢᠭᠦᠨ ᠺᠠᠳ᠋ᠷ ᠤᠨ ᠪᠣᠯᠪᠠᠰᠤᠷᠠᠯ ᠳᠤ ᠱᠠᠭᠠᠷᠳᠠᠯᠭ᠎ᠠ ᠲᠤᠷᠠᠳᠴᠤ᠂ ᠨᠠᠮ ᠤᠨ ᠰᠤᠷᠭᠠᠭᠤᠯᠢ ᠵᠢᠭᠠᠨ ᠰᠤᠷᠭᠠᠯᠲᠠ ᠶᠢᠨ | ᠠᠭᠤᠯᠭ᠎ᠠ᠂ ᠲᠥᠯᠥᠪᠯᠡᠭᠡ᠂ ᠠᠷᠭ᠎ᠠ ᠬᠡᠯᠪᠡᠷᠢ ᠪᠣᠯᠤᠨ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠢᠭᠠᠨ ᠰᠤᠷᠭᠠᠯᠲᠠ ᠶᠢᠨ | ᠬᠠᠨᠳᠤᠯᠭᠠᠲᠤ ᠴᠢᠨᠠᠷ᠂ ᠵᠦᠢ ᠶᠣᠰᠣᠴᠢ ᠴᠢᠨᠠᠷ᠂ ᠰᠣᠨᠢᠷᠬᠠᠯᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠰᠤᠷᠤᠭᠴᠢᠳ ᠠᠵᠠ ᠲᠣᠬᠢᠶᠠᠯ ᠢ ᠨᠠᠨᠳᠢᠩᠨᠠᠵᠤ᠂ ᠰᠠᠬᠢᠯᠭ᠎ᠠ | ᠪᠠᠲᠤ ᠶᠢ ᠵᠢᠷᠤᠮᠯᠠᠨ᠂ ᠰᠤᠷᠤᠯᠴᠠᠪᠠᠯ ᠣᠯᠤᠯᠲᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠰᠡᠨ ᠪᠠᠶᠢᠨ᠎ᠠ᠃ | |