ᠡᠵᠡᠨ ᠬᠤᠷᠤᠭ᠎ᠠ ᠬᠤᠰᠢᠭᠤ ᠲᠠᠷᠢᠮᠠᠯ ᠤᠨ ᠡᠰᠢ ᠰᠦᠷᠡᠯ ᠪᠠ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠵᠥᠪ ᠰᠢᠢᠳᠪᠦᠷᠢᠯᠡᠬᠦ ᠲᠤᠬᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/22
       ᠲᠠᠷᠢᠶᠠᠯᠠᠩ ᠮᠠᠯ ᠠᠵᠤ ᠠᠬᠤᠢ ᠶᠢᠨ ᠬᠦᠷᠢᠶᠠᠨ ᠳᠠᠬᠢ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠬᠤᠷᠢᠭᠯᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ  ᠲᠠᠷᠢᠮᠠᠯ ᠤᠨ ᠡᠰᠢ ᠰᠦᠷᠡᠯ ᠢ ᠳᠠᠬᠢᠨ ᠠᠰᠢᠭᠯᠠᠬᠤ ᠪᠠ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠰᠢᠢᠳᠪᠦᠷᠢᠯᠡᠬᠦ ᠲᠤᠬᠠᠢ ᠤᠬᠠᠭᠤᠯᠭ᠎ᠠ ᠶᠢᠨ ᠠᠵᠢᠯᠯᠠᠭ᠎ᠠ ᠶᠢ  ᠥᠷᠨᠢᠭᠦᠯᠦᠭᠰᠡᠨ ᠪᠠᠶᠢᠨ᠎ᠠ᠃       ᠠᠵᠢᠯᠯᠠᠭ᠎ᠠ ᠪᠠᠷ᠂ ᠡᠰᠢ ᠰᠦᠷᠡᠯ ᠢ ᠳᠠᠬᠢᠨ ᠠᠰᠢᠭᠯᠠᠬᠤ ᠤᠬᠠᠭᠤᠯᠭ᠎ᠠ ᠶᠢ ᠴᠤᠭᠯᠠᠭ᠎ᠠ ᠮᠠᠶᠢᠮᠠᠢ ᠶᠢᠨ ᠭᠠᠵᠠᠷ᠂ ᠲᠠᠷᠢᠶᠠᠨ ᠭᠠᠵᠠᠷ ᠢᠶᠠᠷ ᠲᠥᠪᠯᠡᠷᠡᠨ ᠬᠢᠵᠦ᠂ ᠮᠠᠯᠴᠢᠨ ᠲᠠᠷᠢᠶᠠᠴᠢᠳ ᠲᠤ ᠡᠰᠢ ᠰᠦᠷᠡᠯ ᠢ ᠲᠡᠵᠢᠭᠡᠯ ᠪᠣᠷᠳᠤᠭ᠎ᠠ᠂ ᠪᠣᠷᠳᠣᠭᠤᠷ᠂ ᠲᠦᠯᠡᠰᠢ ᠪᠣᠯᠭᠠᠨ ᠰᠢᠨᠵᠢᠯᠡᠬᠦ ᠤᠬᠠᠭᠠᠨᠴᠢ ᠪᠠᠷ  ᠠᠰᠢᠭᠯᠠᠬᠤ ᠶᠢ ᠬᠥᠬᠢᠭᠦᠯᠬᠦ ᠶᠢᠨ ᠬᠠᠮᠲᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠠᠪᠬᠤ ᠶᠢᠨ ᠴᠢᠬᠤᠯᠠ ᠴᠢᠨᠠᠷ ᠢ ᠲᠠᠶᠢᠯᠪᠤᠷᠢᠯᠠᠨ᠂ ᠲᠠᠷᠢᠶᠠᠴᠢᠨ ᠡᠷᠦᠬᠡ  ᠪᠣᠯᠭᠠᠨ ᠣᠷᠤᠯᠴᠠᠵᠤ᠂ ᠤᠯᠤᠰ ᠤᠨ ᠪᠠᠷᠢᠮᠵᠢᠶᠠᠲᠤ ᠰᠦᠯᠢᠶᠣᠣ ᠪᠦᠷᠬᠦᠪᠴᠢ ᠬᠡᠷᠡᠭᠯᠡᠬᠦ ᠶᠢ ᠰᠠᠨᠠᠭᠠᠴᠢᠯᠠᠭᠰᠠᠨ ᠪᠠᠶᠢᠨ᠎ᠠ᠃      ᠲᠤᠰ ᠠᠵᠢᠯᠯᠠᠭ᠎ᠠ ᠨᠢ᠂ ᠲᠠᠷᠢᠶᠠᠴᠢᠳ ᠎ ᠤᠨ ᠬᠥᠷᠥᠰᠥ ᠰᠢᠷᠣᠢ ᠣᠷᠴᠢᠨ ᠲᠣᠭᠤᠷᠢᠨ ᠎ ᠢ ᠬᠠᠮᠠᠭᠠᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠮᠢ ᠠᠬᠤᠢ ᠶᠢᠨ ᠲᠠᠷᠢᠶᠠᠯᠠᠩ ᠤᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃              
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ