ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠵᠢᠴᠢ ᠪᠥᠬᠦ ᠬᠤᠰᠢᠭᠤᠨ ᠤ ︽ᠨᠢᠭᠡᠳᠦᠭᠡᠷ ᠭᠠᠷ︾ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2025/3/22
      3 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠵᠢᠴᠢ ᠪᠥᠬᠦ ᠬᠤᠰᠢᠭᠤᠨ ᠤ ︽ᠨᠢᠭᠡᠳᠦᠭᠡᠷ ᠭᠠᠷ︾ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ ᠬᠢᠴᠢᠶᠡᠯ ᠡᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠬᠢᠷᠤᠯ ᠡᠣ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠭᠦᠸᠧ ᠹᠠᠨ ᠬᠤᠷᠠᠯ ᠢ ᠡᠷᠭᠢᠯᠡᠪᠡ᠃ ᠬᠤᠰᠢᠭᠤᠨ ᠤ ᠤᠳᠤᠷᠢᠳᠤᠯᠭ᠎ᠠ ᠸᠠᠩ ᠰᠡᠴᠡᠨ᠂ ᠸᠠᠩ ᠬᠠᠢ ᠹᠧᠩ ᠣᠷᠣᠯᠴᠠᠪᠠ᠃        ᠡᠣ ᠶᠦᠨ ᠬᠡᠯᠡᠬᠦ ᠳᠡᠭᠡᠨ᠂ ︽ᠨᠢᠭᠡᠳᠦᠭᠡᠷ ᠭᠠᠷ︾ ᠤᠨ ᠤᠯᠤᠰ ᠲᠥᠷᠥ ᠶᠢᠨ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠪᠥᠬᠦ ᠵᠢᠯ ᠤᠨ ᠪᠣᠯᠪᠠᠰᠤᠷᠠᠯ ᠤᠨ ︽ᠨᠢᠭᠡᠳᠦᠭᠡᠷ ᠬᠢᠴᠢᠶᠡᠯ︾ ᠪᠣᠯᠭᠠᠵᠤ ᠪᠠᠶᠢᠭ᠎ᠠ ᠶᠢᠨ ᠵᠣᠷᠢᠯᠭ᠎ᠠ ᠨᠢ ᠣᠯᠠᠨ ᠢ ᠤᠯᠠᠮ ᠨᠢᠭᠡ ᠠᠯᠬᠤᠮ ᠰᠡᠳᠬᠢᠮᠵᠢ ᠪᠠᠨ ᠲᠣᠳᠣᠷᠬᠠᠶ ᠪᠣᠯᠭᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠶᠢᠨ ᠲᠥᠯᠥᠭᠡ ᠶᠤᠮ᠂ ᠣᠯᠠᠨ ᠢᠶᠠᠷ ᠢᠶᠠᠨ ᠲᠣᠭᠲᠠᠯ ᠬᠦᠴᠦᠨ ᠬᠦᠴᠦᠷᠬᠡᠭ ᠶᠡᠭᠡ ︽ᠨᠢᠭᠡᠳᠦᠭᠡᠷ ᠭᠠᠷ︾ ᠪᠣᠯᠵᠣ᠂ ᠤᠯᠤᠰ ᠲᠥᠷᠥ᠂ ᠬᠥᠭᠵᠢᠯᠲᠡ᠂ ᠰᠠᠬᠢᠯᠭ᠎ᠠ ᠪᠠᠲᠤ ᠶᠢᠨ ᠲᠣᠭᠲᠠᠯ ᠬᠦᠴᠦᠨ ᠢᠶᠠᠨ ᠪᠠᠲᠤᠳᠬᠠᠵᠤ᠂ ᠡᠯ᠎ᠡ ᠵᠤᠶᠢᠯ ᠤᠨ ᠠᠵᠢᠯ ᠢ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠬᠢᠬᠦ ᠶᠢ ᠠᠬᠢᠭᠤᠯᠵᠤ᠂ ᠬᠥᠭᠵᠢᠯᠲᠡ ᠶᠢᠨ ᠬᠠᠷᠠᠯᠲᠠ ᠪᠠᠨ ᠪᠠᠲᠤᠳᠬᠠᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠬᠤ ᠭᠡᠷᠡᠭᠳᠡᠢ᠃ ᠡᠷᠳᠡᠮ ᠴᠢᠳᠠᠪᠤᠷᠢ ᠪᠠᠷ ᠴᠠᠭᠠᠷᠠᠭᠰᠠᠨ ︽ᠨᠢᠭᠡᠳᠦᠭᠡᠷ ᠭᠠᠷ︾ ᠪᠤᠯᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ᠂ ᠪᠠᠭ᠎ᠠ ᠠᠴᠠ ᠶᠡᠭᠡ ᠶᠢ ᠮᠡᠳᠡᠬᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠠᠵᠠ ᠲᠣᠬᠢᠶᠠᠯ ᠢ ᠰᠡᠷᠭᠡᠭ ᠢᠶᠠᠷ ᠣᠯᠵᠤ᠂ ᠠᠷᠭ᠎ᠠ ᠬᠡᠮᠵᠢᠶ᠎ᠡ ᠶᠢ ᠣᠨᠣᠪᠴᠢᠲᠠᠢ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠬᠢᠭᠤᠯᠬᠤ ᠬᠡᠷᠡᠭᠲᠡᠢ᠃ ᠡᠷᠴᠢ ᠵᠣᠷᠢᠭ ᠲᠡᠭᠦᠯᠳᠡᠷ ︽ᠨᠢᠭᠡᠳᠦᠭᠡᠷ ᠭᠠᠷ︾ ᠪᠤᠯᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠲᠠᠭᠤ ᠲᠠᠢ ᠨᠢ ᠬᠠᠯᠳᠠᠬᠤ ᠡᠷᠴᠢ ᠵᠣᠷᠢᠭ ᠢᠶᠠᠨ ᠪᠠᠲᠤᠯᠠᠵᠤ᠂ ᠡᠯ᠎ᠡ ᠬᠦᠷᠢᠶᠡᠨ ᠳᠤ ᠲᠡᠷᠢᠭᠦᠨ ᠤ ᠬᠢ ᠪᠣᠯᠬᠤ ᠪᠠᠷ ᠴᠢᠷᠮᠠᠶᠢᠵᠤ ᠰᠢᠯᠢᠳᠡᠭ ᠢ ᠡᠭᠦᠳᠴᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠵᠥᠷᠢᠴᠡᠯ ᠳᠤ ᠰᠢᠭᠤᠳ ᠬᠠᠨᠳᠤᠵᠤ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠢ᠃ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ︽ᠨᠢᠭᠡᠳᠦᠭᠡᠷ ᠭᠠᠷ︾ ᠪᠣᠯᠵᠣ᠂ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ᠂ ᠠᠯᠪᠠᠨ ᠵᠠᠷᠤᠴᠠ ᠶᠢᠨ ᠰᠡᠳᠬᠢᠯᠭᠡ ᠲᠠᠢ ᠪᠣᠯᠵᠣ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠡᠵᠡᠨ ᠬᠤᠷᠤᠭ᠎ᠠ ᠶᠢ ᠰᠠᠶᠢᠲᠤᠷ ᠪᠥᠲᠥᠭᠡᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠦᠨᠳᠦᠰᠦᠨ ᠱᠠᠲᠤ᠂ ᠠᠵᠤ ᠠᠬᠤᠶᠢᠯᠠᠯ᠂ ᠣᠯᠠᠨ ᠲᠦᠮᠡᠨ ᠪᠠ ᠬᠥᠭᠵᠢᠯᠲᠡ ᠳᠤ ᠰᠠᠶᠢᠲᠤᠷ ᠦᠢᠯᠡᠴᠢᠯᠡᠬᠦ ᠶᠢ ᠬᠦᠰᠡᠮᠵᠢᠯᠡᠪᠡ᠃      ᠦ᠋ ᠶᠦᠨ ᠪᠦᠬᠦ ᠵᠢᠯ ᠤᠨ ᠨᠠᠮ ᠤᠨ ᠭᠡᠰᠢᠭᠦᠨ ᠺᠠᠳ᠋ᠷ ᠤᠨ ᠪᠣᠯᠪᠠᠰᠤᠷᠠᠯ ᠳᠤ ᠱᠠᠭᠠᠷᠳᠠᠯᠭ᠎ᠠ ᠲᠤᠷᠠᠳᠴᠤ᠂ ᠨᠠᠮ ᠤᠨ ᠰᠤᠷᠭᠠᠭᠤᠯᠢ ᠵᠢᠭᠠᠨ ᠰᠤᠷᠭᠠᠯᠲᠠ ᠶᠢᠨ ᠠᠭᠤᠯᠭ᠎ᠠ᠂ ᠲᠥᠯᠥᠪᠯᠡᠭᠡ᠂ ᠠᠷᠭ᠎ᠠ ᠬᠡᠯᠪᠡᠷᠢ ᠪᠣᠯᠤᠨ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠢᠭᠠᠨ ᠰᠤᠷᠭᠠᠯᠲᠠ ᠶᠢᠨ ᠬᠠᠨᠳᠤᠯᠭᠠᠲᠤ ᠴᠢᠨᠠᠷ᠂ ᠵᠦᠢ ᠶᠣᠰᠣᠴᠢ ᠴᠢᠨᠠᠷ᠂ ᠰᠣᠨᠢᠷᠬᠠᠯᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠰᠤᠷᠤᠭᠴᠢᠳ ᠠᠵᠠ ᠲᠣᠬᠢᠶᠠᠯ ᠢ ᠨᠠᠨᠳᠢᠩᠨᠠᠵᠤ᠂ ᠰᠠᠬᠢᠯᠭ᠎ᠠ ᠪᠠᠲᠤ ᠶᠢ ᠵᠢᠷᠤᠮᠯᠠᠨ᠂ ᠰᠤᠷᠤᠯᠴᠠᠪᠠᠯ ᠣᠯᠤᠯᠲᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠰᠡᠨ ᠪᠠᠶᠢᠨ᠎ᠠ᠃      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ