ᠴᠠᠭᠠᠨ ᠣᠪᠤᠭ᠎ᠠ ᠲᠣᠰᠬᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/3/22
      ︽3·15︾ ᠤ ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠳᠠᠰᠢᠷᠠᠮ ᠢᠶᠠᠷ᠂ ᠡᠵᠡᠨ ᠬᠤᠷᠤᠭ᠎ᠠ ᠪᠠᠯᠭᠠᠰᠤᠨ ᠤ ︽ᠤᠯᠠᠭᠠᠨ ᠠᠨᠠᠷ︾ ᠤᠬᠠᠭᠤᠯᠤᠨ ᠲᠠᠶᠢᠯᠪᠤᠷᠢᠯᠠᠬᠤ ᠪᠥᠯᠬᠦᠮ ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠤᠯᠪᠣᠭᠠᠯᠠᠨ᠂ ᠭᠦᠩ ᠤᠨ ᠵᠣᠣ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠲᠤ ︽3·15︾ ᠤ  ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠭᠤᠤᠯ ᠰᠡᠳᠦᠪᠲᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃      ᠠᠵᠢᠯᠯᠠᠭ᠎ᠠ ᠶᠢᠨ ᠳᠤᠮᠳᠠ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠮᠡᠳᠡᠯᠭᠡ ᠶᠢ ᠲᠥᠭᠡᠮᠡᠯᠵᠢᠭᠦᠯᠵᠦ᠂ ᠵᠥᠪ ᠬᠡᠷᠡᠭᠯᠡᠭᠡᠨ ᠤ ᠦᠵᠡᠯᠲᠡ ᠶᠢ ᠪᠤᠢ ᠪᠣᠯᠭᠠᠵᠤ᠂ ᠪᠣᠯᠪᠠᠰᠤᠨ ᠣᠷᠣᠰᠢᠭᠤᠯᠭ᠎ᠠ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠣᠷᠣᠰᠢᠭᠤᠯᠭ᠎ᠠ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ ᠪᠣᠯᠪᠠᠰᠤᠨ ᠢᠶᠠᠷ ᠲᠠᠬᠢᠯᠭ᠎ᠠ ᠬᠢᠬᠦ ᠠᠷᠭ᠎ᠠ ᠬᠡᠯᠪᠡᠷᠢ᠂ ᠤᠯᠠᠮᠵᠢᠯᠠᠯᠲᠤ ᠣᠷᠣᠰᠢᠭᠤᠯᠭ᠎ᠠ ᠶᠢᠨ ᠠᠷᠭ᠎ᠠ ᠮᠠᠶ᠋ᠢᠭ ᠨᠢ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠲᠠᠶᠢᠯᠪᠤᠷᠢᠯᠠᠵᠤ᠂ ᠠᠮᠢᠳᠤ ᠳᠤ ᠨᠢ ᠰᠠᠶᠢᠨ ᠠᠰᠠᠷᠠᠵᠤ ᠪᠣᠯᠪᠠᠰᠤᠨ᠂ ᠠᠷᠪᠢᠴᠢ ᠭᠠᠮᠲᠠᠶ ᠣᠷᠣᠰᠢᠭᠤᠯᠭ᠎ᠠ ᠬᠢᠬᠦ  ᠶᠢ ᠤᠷᠢᠶᠠᠯᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠮᠠᠲ᠋ᠧᠷᠢᠶᠠᠯ᠂ ᠰᠠᠨᠠᠭᠠᠴᠢᠯᠠᠭ᠎ᠠ ᠶᠢᠨ ᠪᠢᠴᠢᠭ ᠢ 100 ᠭᠠᠷᠤᠶ ᠬᠤᠪᠢ᠂ ᠤᠬᠠᠭᠤᠯᠭ᠎ᠠ ᠶᠢᠨ ᠮᠠᠲ᠋ᠧᠷᠢᠶᠠᠯ ᠢ 50 ᠭᠠᠷᠤᠶ ᠬᠤᠪᠢ ᠲᠠᠷᠬᠠᠭᠠᠵᠤ᠂ 80 ᠭᠠᠷᠤᠶ ᠬᠥᠮᠦᠨ ᠬᠦᠯᠢᠶᠡᠨ ᠠᠪᠴᠠᠶ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ