ᠡᠵᠡᠨ ᠬᠤᠷᠤᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠭᠤᠷᠪᠠᠨ ᠵᠦᠢᠯ ᠤᠨ ᠠᠷᠭ᠎ᠠ ᠬᠡᠮᠵᠢᠶ᠎ᠡ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/3/22
      ᠤᠢᠢᠷ᠎ᠠ ᠶᠢᠨ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠠᠷᠠᠳ ᠤᠨ ᠶᠠᠪᠤᠳᠠᠯ ᠠᠷᠠᠳ ᠤᠨ ᠲᠥᠯᠥᠭᠡ᠂ ᠠᠷᠠᠳ ᠤᠨ ᠶᠠᠪᠤᠳᠠᠯ ᠢᠶᠠᠷ ᠠᠷᠠᠳ ᠢ ᠬᠠᠶᠢᠷᠠᠯᠠᠬᠤ︾ ᠠᠵᠢᠯ ᠤᠨ ᠤᠢᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠪᠠᠷ ᠤᠳᠤᠷᠢᠳᠤᠮᠵᠢ ᠪᠣᠯᠭᠠᠵᠤ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠠᠷᠠᠳ ᠤᠨ ᠶᠠᠪᠤᠳᠠᠯ ᠤᠨ ︽ᠵᠢᠵᠢᠭ ᠴᠣᠩᠬᠤ︾ ᠳᠤ ᠰᠠᠭᠤᠷᠢᠯᠠᠨ᠂ ᠤᠯᠠᠨ ᠲᠦᠮᠡᠨ ᠤ ︽ᠦᠢᠯᠡᠴᠢᠯᠡᠭᠡ︾ ᠶᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠪᠡ᠃      ᠨᠢᠭᠡ ᠳᠤ᠂ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠠᠵᠢᠯ ᠤᠨ ᠶᠠᠪᠤᠴᠠ ᠶᠢ ᠳᠦᠬᠦᠮᠴᠢᠯᠡᠪᠡ᠃ ︽ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠲᠦᠷᠢᠮ︾ ︽ᠨᠢᠭᠡ ᠤᠳᠠᠭ᠎ᠠ ᠳᠤ ᠮᠡᠳᠡᠭᠳᠡᠬᠦ ᠲᠦᠷᠢᠮ︾ ︽ᠴᠠᠭ ᠬᠢᠵᠠᠭᠠᠷᠯᠠᠨ ᠰᠢᠢᠳᠪᠤᠷᠢᠯᠡᠬᠦ ᠲᠦᠷᠢᠮ︾ ᠵᠡᠷᠭᠡ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠦᠢᠯᠡᠴᠢᠯᠡᠭᠡᠨ ᠤ ᠦᠵᠡᠯ ᠤᠬᠠᠮᠰᠠᠷ ᠢ ᠳᠡᠭᠡᠭᠰᠢᠯᠡᠭᠦᠯᠵᠡᠢ᠃ ᠡᠭᠦᠨ ᠤ ᠬᠠᠮᠲᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠵᠦ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠴᠢᠩᠭᠠᠷᠠᠭᠤᠯᠤᠨ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠣᠯᠪᠠᠰᠤᠷᠠᠩᠭᠤᠶ ᠡᠵᠡᠮᠰᠢᠬᠦ ᠶᠢ ᠦᠨᠡᠨ ᠬᠦ ᠪᠠᠲᠤᠯᠠᠵᠤ᠂ ᠴᠣᠩᠬᠤᠪᠴᠢ ᠶᠢᠨ ᠠᠵᠢᠯ ᠢ ᠵᠢᠷᠤᠮᠵᠢᠭᠤᠯᠤᠨ ᠶᠠᠪᠤᠭᠳᠠᠭᠤᠯᠬᠤ ᠶᠢ ᠳᠥᠯᠭᠢᠨ ᠠᠬᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠶᠢ ᠨᠠᠩ ᠲᠦᠷᠭᠡᠨ᠂ ᠨᠠᠩ ᠰᠠᠨᠠᠭ᠎ᠠ ᠠᠮᠤᠷ᠂ ᠨᠠᠩ ᠲᠠᠭᠠᠯᠠᠮᠵᠢᠲᠠᠶ ᠪᠤᠯᠭᠠᠭᠰᠠᠨ ᠪᠠᠶᠢᠨ᠎ᠠ᠃      ᠬᠤᠶᠠᠷ ᠲᠤ᠂ ᠦᠢᠯᠡᠴᠢᠯᠡᠭᠡᠨ ᠤ ᠬᠡᠪ ᠵᠠᠭᠪᠤᠷ ᠢ ᠬᠤᠪᠢᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠡᠷ ᠲᠤᠨᠢ ᠣᠴᠢᠬᠤ᠂ ᠳᠤᠲᠠᠭᠤ ᠶᠢ ᠪᠠᠭᠲᠠᠭᠠᠬᠤ᠂ ᠬᠠᠪᠰᠤᠷᠤᠨ ᠣᠷᠣᠯᠠᠨ ᠭᠦᠢᠴᠡᠳᠭᠡᠬᠦ ᠵᠡᠷᠭᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠦᠢᠯᠡᠴᠢᠯᠡᠭᠡᠨ ᠤ ᠵᠠᠭᠪᠤᠷ ᠢ ᠡᠪᠳᠡᠵᠦ᠂ ᠦᠢᠯᠡᠴᠢᠯᠡᠭᠡᠨ ᠤ ᠦᠵᠡᠯ ᠤᠬᠠᠮᠰᠠᠷ ᠢ ᠴᠢᠩᠭᠠᠷᠠᠭᠤᠯᠤᠨ᠂ ᠣᠯᠠᠨ ᠲᠦᠮᠡᠨ ᠤ ︽ᠦᠢᠯᠡᠴᠢᠯᠡᠭᠴᠢ︾ ᠪᠣᠯᠵᠣ᠂ ᠨᠢᠭᠡ ᠲᠠᠯ᠎ᠠ ᠪᠠᠷ ᠭᠥᠯᠢᠶᠡᠨ ᠠᠪᠴᠤ ᠨᠢᠭᠡ ᠲᠠᠯ᠎ᠠ ᠪᠠᠷ ᠮᠠᠲ᠋ᠧᠷᠢᠶᠠᠯ ᠨᠥᠬᠦᠪᠥᠷᠢᠯᠡᠬᠦ ᠪᠤᠶᠤ ᠵᠠᠰᠠᠬᠤ ᠵᠡᠷᠭᠡ ᠤᠶᠢᠯᠡᠴᠢᠯᠡᠭᠡ ᠬᠠᠩᠭᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠠᠪᠤᠴᠠ ᠳᠤ ᠬᠠᠯᠠᠭᠤᠮᠰᠤᠭ᠂ ᠲᠤᠰᠬᠠᠶ ᠮᠡᠷᠭᠡᠵᠢᠯ ᠤᠨ᠂ ᠥᠨᠳᠥᠷ ᠦᠷ᠎ᠡ ᠪᠦᠲᠦᠮᠵᠢ ᠲᠠᠢ ᠦᠢᠯᠡᠴᠢᠯᠡᠭᠡ ᠭᠥᠷᠳᠡᠬᠦ ᠶᠢ ᠦᠨᠡᠨᠬᠦ ᠪᠠᠲᠤᠯᠠᠭᠰᠠᠨ ᠪᠠᠶᠢᠨ᠎ᠠ᠃      ᠭᠤᠷᠪᠠ ᠳᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠳᠤ ᠦᠢᠯᠡᠴᠢᠯᠡᠬᠦ ᠳᠤ ᠲᠦᠭᠦᠮ ᠦᠵᠡᠭᠦᠯᠪᠡ᠃ ︽ᠨᠢᠭᠡ ᠯᠠ ᠤᠳᠠᠭ᠎ᠠ ᠭᠦᠶᠦᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠵᠤ᠂ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠥᠪᠡᠷ ᠤᠨ ᠦᠷᠳᠡᠭ ᠪᠣᠯᠤᠨ ᠭᠦᠶᠦᠬᠦ ᠤᠳᠠᠭ᠎ᠠ ᠶᠢ ᠪᠠᠭᠠᠰᠬᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠡᠢ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ