| 3 ᠳ᠋ᠤᠭᠠᠷ ᠰᠠᠷ᠎ᠠ ᠶᠢᠨ 20 ᠤ ᠡᠳᠦᠷ᠂ ᠵᠠᠰᠠᠭ ᠪᠠᠯᠭᠠᠰᠤᠨ ᠤ ᠡᠷᠡᠭᠦᠯ ᠬᠠᠮᠠᠭᠠᠯᠠᠯ ᠤᠨ ᠠᠯᠪᠠᠨ ᠭᠡᠷ᠂ ᠡᠵᠡᠨ ᠬᠤᠷᠤᠭ᠎ᠠ ᠬᠤᠰᠢᠭᠤᠨ ᠤ 《 ᠲᠣᠭᠤᠷᠢᠨ | ᠡᠮᠴᠢᠯᠡᠬᠦ ᠠᠩᠭᠢ 》 ᠲᠠᠢ ᠬᠠᠮᠲᠤᠷᠠᠨ ᠵᠠᠰᠠᠭ ᠪᠠᠯᠭᠠᠰᠤᠨ ᠤ ᠲᠠᠷᠢᠶᠠᠨ ᠴᠠᠶᠢᠳᠠᠮ ᠲᠣᠰᠬᠤᠨ ᠳᠤ ᠠᠯᠪᠠᠨ ᠵᠢᠷᠤᠮ ᠤᠨ ᠡᠮᠴᠢᠯᠡᠭᠡ ᠬᠢᠵᠦ᠂ ᠲᠣᠰᠬᠤᠨ ᠤ ᠠᠷᠠᠳ ᠲᠤ | ᠪᠦᠬᠦ ᠲᠠᠯ᠎ᠠ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠵᠠᠢ᠃ | ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ | ᠪᠠᠶᠢᠴᠠᠭᠠᠯᠲᠠ ᠬᠢᠨ᠂ 35 ᠠᠴᠠ 64 ᠨᠠᠰᠤᠨ ᠤ ᠬᠤᠭᠤᠷᠣᠨᠳᠣᠬᠢ ᠨᠥᠬᠦᠴᠡᠯ ᠳᠤ ᠨᠡᠶᠢᠴᠡᠭᠰᠡᠨ ᠬᠤᠷᠢᠮᠯᠠᠭᠰᠠᠨ ᠡᠮᠡᠭᠲᠡᠶᠢᠴᠦᠳ ᠲᠤ ᠰᠦᠢᠳᠬᠡᠯ ᠬᠤᠷᠢᠶᠠᠬᠤ | ᠥᠬᠡᠢ ᠪᠠᠷ《 ᠬᠤᠶᠠᠷ ᠥᠮᠡᠨ 》 ᠤ ᠰᠢᠭᠰᠢᠨ ᠪᠠᠶᠢᠴᠠᠭᠠᠯᠲᠠ ᠬᠢᠬᠦ ᠶᠢᠨ ᠬᠠᠮᠲᠤ ᠲᠣᠰᠬᠤᠨ ᠤ ᠠᠷᠠᠳ ᠤᠨ ᠪᠡᠶ᠎ᠡ ᠶᠢᠨ ᠪᠠᠶᠢᠳᠠᠯ ᠢ ᠦᠨᠳᠦᠰᠦᠯᠡᠨ ᠬᠠᠨᠳᠤᠯᠭᠠᠲᠤ | ᠴᠢᠨᠠᠷᠲᠠᠢ ᠡᠷᠡᠭᠦᠯ ᠮᠡᠨᠳᠦ ᠵᠢᠴᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠢᠯᠡᠴᠢᠯᠡᠭᠡ ᠥᠷᠨᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠬᠦ | ᠮᠡᠳᠡᠯᠭᠡ ᠶᠢ ᠲᠦᠭᠡᠮᠡᠯᠵᠢᠭᠦᠯᠵᠦ᠂ ᠲᠣᠰᠬᠤᠨ ᠤ ᠠᠷᠠᠳ ᠤᠨ ᠣᠯᠠᠨ ᠡᠰᠢᠲᠦ ᠱᠠᠭᠠᠷᠳᠠᠯᠭ᠎ᠠ ᠶᠢ ᠬᠠᠩᠭᠠᠵᠤ᠂ 60 ᠭᠠᠷᠤᠢ ᠬᠤᠪᠢ ᠡᠷᠡᠭᠦᠯ ᠮᠡᠨᠳᠦ ᠶᠢᠨ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃ | ᠲᠤᠰ ᠤᠳᠠᠭᠠᠨ ᠤ ᠠᠵᠢᠯᠯᠠᠭ᠎ᠠ ᠨᠢ ᠲᠤᠰᠬᠤᠨ ᠤ ᠠᠷᠠᠳ ᠭᠡᠷ ᠠᠴᠠ ᠪᠠᠨ ᠭᠠᠷᠬᠤ ᠦᠭᠡᠢ ᠪᠠᠷ ᠰᠢᠯᠢᠳᠡᠭ ᠡᠮ ᠡᠮᠨᠡᠯᠭᠡ ᠶᠢᠨ ᠦᠢᠯᠡᠴᠢᠯᠡᠭᠡ ᠶᠢ | ᠬᠦᠷᠲᠡᠭᠰᠡᠨ ᠤ ᠬᠠᠮᠲᠤ ᠥᠷᠭᠡᠨ ᠣᠯᠠᠨ ᠲᠤᠰᠬᠤᠨ ᠤ ᠠᠷᠠᠳ ᠤᠨ ᠡᠷᠡᠭᠦᠯ ᠮᠡᠨᠳᠤ ᠶᠢᠨ ᠤᠬᠠᠮᠰᠠᠷ ᠢ ᠳᠡᠭᠡᠭᠰᠢᠯᠡᠭᠦᠯᠵᠦ᠂ ᠵᠠᠷᠢᠮ ᠪᠠᠶᠢᠩᠭᠤ ᠲᠣᠬᠢᠶᠠᠯᠳᠤᠬᠤ | ᠡᠪᠡᠳᠴᠢᠨ ᠢ ᠡᠷᠲᠡ ᠢᠯᠡᠷᠡᠭᠦᠯᠵᠦ᠂ ᠡᠷᠲᠡ ᠣᠨᠣᠰᠢᠯᠠᠵᠤ᠂ ᠡᠷᠲᠡ ᠡᠮᠨᠡᠬᠦᠯᠵᠦ᠂《 ᠡᠷᠡᠭᠦᠯ ᠮᠡᠨᠳᠦ ᠠᠮᠢ ᠨᠠᠰᠤᠨ ᠪᠣᠯᠵᠤᠭ᠎ᠠ ᠲᠠᠢ᠂ ᠦᠨᠡᠨ ᠰᠡᠳᠬᠢᠯᠭᠡ ᠶᠢᠨ | ᠦᠢᠯᠡᠴᠢᠯᠡᠭᠡ ᠬᠢᠵᠠᠭᠠᠷ ᠥᠬᠡᠶ》 ᠶᠢ ᠦᠨᠡᠨᠬᠦ ᠪᠡᠶᠡᠯᠡᠭᠦᠯᠵᠦ᠂ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ ᠤᠯᠪᠠ᠃ | |