ᠡᠵᠡᠨ ᠬᠤᠷᠤᠭ᠎ᠠ ᠬᠤᠰᠢᠭᠤᠨ ᠤ ᠡᠪᠡᠳᠴᠢᠨ ᠢᠶᠠᠷ ᠦᠬᠦᠭᠰᠡᠨ ᠮᠠᠯ ᠲᠡᠵᠢᠭᠡᠪᠤᠷᠢ ᠶᠢ ᠬᠤᠣᠷ ᠬᠦᠨᠤᠭᠡᠯ ᠦᠭᠡᠢ ᠪᠠᠷ ᠰᠢᠢᠳᠪᠦᠷᠢᠯᠡᠬᠦ  ᠭᠠᠵᠠᠷ ᠲᠤᠷᠰᠢᠨ ᠠᠵᠢᠯᠯᠠᠵᠣ ᠡᠬᠢᠯᠡᠪᠡ
ᠨᠡᠶᠢᠲᠡᠯᠡᠭᠰᠡᠨ ᠴᠠᠭ᠄
2025/3/23
      ᠡᠪᠡᠳᠴᠢᠨ ᠢᠶᠠᠷ ᠥᠭᠦᠭᠰᠡᠨ ᠮᠠᠯ ᠲᠡᠵᠢᠭᠡᠪᠤᠷᠢ ᠶᠢ ᠬᠤᠣᠷ ᠬᠦᠨᠤᠭᠡᠯ ᠦᠭᠡᠢ ᠪᠠᠷ ᠰᠢᠢᠳᠪᠦᠷᠢᠯᠡᠬᠦ ᠪᠣᠯ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠬᠥᠮᠦᠨ ᠤ ᠪᠡᠶ᠎ᠡ ᠶᠢᠨ ᠡᠷᠡᠭᠦᠯ ᠮᠡᠨᠳᠦ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠣᠶᠢᠷ᠎ᠠ ᠳᠤ᠂ ᠥᠪᠥᠷ ᠮᠣᠩᠭᠤᠯ ᠤᠨ ᠯᠢᠶᠠᠩ ᠢ ᠠᠮᠢᠳᠤ ᠪᠣᠳᠠᠰ ᠤᠨ ᠪᠦᠯᠦᠭᠯᠡᠯ ᠤᠨ ᠪᠠᠶᠢᠭᠤᠯᠤᠭᠰᠠᠨ ᠡᠵᠡᠨ ᠬᠤᠷᠤᠭ᠎ᠠ ᠬᠤᠰᠢᠭᠤᠨ ᠤ ᠡᠪᠡᠳᠴᠢᠨ ᠢᠶᠠᠷ ᠥᠭᠦᠭᠰᠡᠨ ᠮᠠᠯ ᠲᠡᠵᠢᠭᠡᠪᠤᠷᠢ ᠶᠢ ᠬᠤᠣᠷ ᠬᠦᠨᠤᠭᠡᠯ ᠦᠭᠡᠢ ᠪᠠᠷ ᠰᠢᠢᠳᠪᠦᠷᠢᠯᠡᠬᠦ ᠭᠠᠵᠠᠷ ᠬᠡᠳᠦᠨ ᠰᠠᠷ᠎ᠠ ᠶᠢᠨ ᠲᠣᠬᠢᠷᠠᠭᠤᠯᠤᠯᠲᠠ ᠪᠠᠷ ᠳᠡᠮᠵᠢᠨ᠂ ᠵᠢᠩᠬᠢᠨᠢ ᠪᠠᠷ ᠲᠤᠷᠰᠢᠨ ᠠᠵᠢᠯᠯᠠᠬᠤ ᠱᠠᠲᠤᠨ ᠳᠤ  ᠪᠠᠨ ᠤᠷᠤᠭᠰᠠᠨ ᠪᠠᠶᠢᠨ᠎ᠠ᠃      ᠲᠤᠰ ᠦᠢᠯᠡᠳᠪᠦᠷᠢ ᠨᠢ 2024 ᠣᠨ ᠤ 6 ᠳ᠋ᠤᠭᠠᠷ ᠰᠠᠷ᠎ᠠ ᠳᠤ ᠠᠵᠢᠯ ᠢᠶᠠᠨ ᠡᠬᠢᠯᠡᠭᠦᠯᠵᠦ᠂ ᠨᠡᠶᠢᠲᠡ 2000 ᠲᠦᠮᠡᠨ ᠲᠥᠭᠦᠷᠢᠭ ᠤᠨ ᠪᠡᠯᠡ ᠣᠷᠤᠭᠤᠯᠤᠨ᠂ 10 ᠮᠥ ᠭᠠᠵᠠᠷ ᠢ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ ᠪᠠᠷᠤᠭ 3800 ᠲᠡᠭᠰᠢ ᠳᠥᠷᠪᠡᠯᠵᠢᠨ ᠮᠧᠲᠷ ᠪᠠᠶᠢᠵᠤ᠂ ᠡᠳᠦᠷ ᠲᠤ 20 ᠲᠣᠨ ᠦᠬᠦᠭᠰᠡᠨ ᠮᠠᠯ ᠲᠡᠵᠢᠭᠡᠪᠤᠷᠢ ᠶᠢ ᠰᠢᠢᠳᠪᠦᠷᠢᠯᠡᠨ᠂ ᠵᠢᠯ ᠳᠤ 6000 ᠲᠣᠨ ᠰᠢᠢᠳᠪᠦᠷᠢᠯᠡᠵᠦ ᠳᠡᠶᠢᠯᠦᠨ᠎ᠡ᠂ ᠦᠢᠯᠡᠴᠢᠯᠡᠭᠡᠨ ᠤ ᠬᠡᠪᠴᠢᠶ᠎ᠡ ᠨᠢ ᠳ᠋ᠥᠩᠱᠸᠡᠭ ᠲᠣᠭᠤᠷᠢᠭ᠂ ᠡᠵᠡᠨ ᠬᠤᠷᠤᠭ᠎ᠠ ᠬᠤᠰᠢᠭᠤ᠂ ᠬᠢᠶ᠎ᠠ ᠪᠠᠭᠰᠢ ᠲᠣᠭᠤᠷᠢᠭ ᠢ ᠬᠠᠮᠤᠷᠴᠠᠢ᠃ ︽ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠵᠠᠭᠪᠤᠷ ᠢᠶᠠᠷ ᠳᠡᠮᠵᠢᠨ᠂ ᠡᠪᠡᠳᠴᠢᠨ ᠢᠶᠠᠷ ᠥᠭᠦᠭᠰᠡᠨ ᠮᠠᠯ ᠲᠡᠵᠢᠭᠡᠪᠤᠷᠢ ᠶᠢ ︽ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠰᠢᠢᠳᠪᠦᠷᠢᠯᠡᠪᠡᠰᠦ ᠵᠣᠬᠢᠬᠤ ᠶᠢ ᠨᠢ ᠪᠦᠬᠦᠨ ᠢ ᠰᠢᠢᠳᠪᠦᠷᠢᠯᠡᠬᠦ︾᠎ ᠶᠢ ᠦᠨᠡᠨᠬᠦ ᠪᠠᠲᠤᠯᠠᠵᠤ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ ᠨᠡᠶᠢᠭᠡᠮᠴᠢᠯᠡᠬᠦ᠂ ᠰᠢᠢᠳᠪᠦᠷᠢᠯᠡᠬᠦ ᠶᠢ ᠬᠤᠤᠷ ᠬᠦᠨᠤᠭᠡᠯ ᠥᠬᠡᠶ ᠪᠣᠯᠭᠠᠬᠤ᠂ ᠪᠣᠳᠠᠰ ᠤᠨ ᠮᠠᠲ᠋ᠧᠷᠢᠶᠠᠯ ᠢ ᠪᠣᠷᠲᠣᠭᠤᠷ ᠪᠣᠯᠭᠠᠬᠤ᠂ ᠡᠵᠡᠩᠨᠡᠯᠲᠡ ᠶᠢ ᠵᠠᠬ᠎ᠠ ᠲᠡᠯᠭᠡᠬᠦᠷᠴᠢᠯᠡᠬᠦ ᠶᠢ ᠪᠡᠶᠡᠯᠡᠬᠦᠯᠵᠦ᠂ ᠠᠮᠢ ᠠᠬᠤᠢ ᠪᠠ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠣᠯᠤᠨ᠎ᠠ᠃       ᠡᠵᠡᠨ ᠬᠤᠷᠤᠭ᠎ᠠ ᠬᠤᠰᠢᠭᠤᠨ ᠤ ᠡᠪᠡᠳᠴᠢᠨ ᠢᠶᠠᠷ ᠦᠬᠦᠭᠰᠡᠨ ᠮᠠᠯ ᠲᠡᠵᠢᠭᠡᠪᠤᠷᠢ ᠶᠢ ᠬᠤᠣᠷ ᠬᠦᠨᠤᠭᠡᠯ ᠦᠭᠡᠢ ᠪᠠᠷ ᠰᠢᠢᠳᠪᠦᠷᠢᠯᠡᠬᠦ ᠭᠠᠵᠠᠷ ᠪᠠᠶᠢᠭᠤᠯᠤᠭᠳᠠᠭᠰᠠᠨ ᠨᠢ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠬᠤ ᠵᠡᠷᠭᠡ ᠲᠠᠯ᠎ᠠ ᠪᠠᠷ ᠲᠦᠢᠯ ᠤᠨ ᠴᠢᠬᠤᠯᠠ ᠦᠢᠯᠡᠳᠦᠯ ᠦᠵᠡᠭᠦᠯᠵᠦ᠂ ︽ᠬᠦᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠳᠡᠭ  ᠦᠵᠡᠯᠳᠡ ᠶᠢ ᠠᠮᠢᠳᠤᠯᠢᠭ ᠤᠶᠢᠯᠡᠳᠤᠯᠭᠡᠵᠢᠬᠦᠯᠪᠡ᠃                                                   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ