ᠡᠵᠡᠨ ᠬᠤᠷᠤᠭ᠎ᠠ ᠬᠤᠰᠢᠭᠤ ᠤᠢ ᠰᠢᠭᠤᠢ ᠨᠤᠳᠤᠭ ᠪᠡᠯᠴᠢᠭᠡᠷ ᠨᠤᠭᠤ ᠭᠠᠵᠠᠷ ᠪᠠ ᠠᠳᠠᠷ ᠬᠠᠭᠠᠯᠪᠤᠷᠢᠯᠠᠯᠳᠠ ᠶᠢ ᠨᠢᠭᠡ ᠴᠤᠬᠴᠠᠵᠢᠭᠤᠯᠤᠨ ᠬᠠᠮᠠᠭᠠᠯᠠᠵᠤ ᠰᠡᠷᠬᠦᠭᠡᠬᠦ ᠠᠵᠢᠯ ᠢ ᠡᠷᠴᠢᠮ ᠲᠠᠢ ᠬᠢᠵᠦ ᠪᠠᠶᠢᠨ᠎ᠠ
ᠨᠡᠶᠢᠲᠡᠯᠡᠭᠰᠡᠨ ᠴᠠᠭ᠄
2025/3/23
      2025 ᠣᠨ ᠳᠤ᠂ ᠡᠵᠡᠨ ᠬᠤᠷᠤᠭ᠎ᠠ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠨᠢᠭᠡ ᠴᠤᠬᠴᠠᠵᠢᠭᠤᠯᠤᠨ ᠬᠠᠮᠠᠭᠠᠯᠠᠨ ᠰᠡᠷᠭᠦᠭᠡᠬᠦ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠬᠠᠳᠤᠨ ᠭᠤᠣᠯ ᠤᠨ ᠲᠤᠬᠤᠢ ᠶᠢᠨ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠵᠤ ᠡᠬᠢᠯᠡᠪᠡ᠃      2025 ᠣᠨ ᠳᠤ ᠳᠡᠭᠡᠳᠦ ᠱᠠᠲᠤᠨ ᠠᠴᠠ ᠡᠵᠡᠨ ᠬᠤᠷᠤᠭ᠎ᠠ ᠬᠤᠰᠢᠭᠤᠨ ᠳᠤ ︽ᠤᠮᠠᠷᠠᠲᠤ ᠶᠢᠨ ᠭᠤᠷᠪᠠᠨ ᠣᠷᠣᠨ︾  ᠤ ᠣᠶ ᠰᠢᠭᠤᠶ ᠨᠤᠳᠤᠭ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ ᠰᠡᠷᠭᠦᠭᠡᠬᠦ ᠲᠥᠷᠥᠯ ᠵᠦᠢᠯ ᠢ ᠨᠡᠶᠢᠲᠡ 39.6 ᠲᠦᠮᠡᠨ ᠮᠥ ᠪᠠᠭᠤᠯᠭᠠᠵᠤ᠂ ᠲᠥᠷᠥᠯ  ᠵᠦᠢᠯ ᠤᠨ ᠶᠡᠷᠦᠩᠬᠡᠶ ᠪᠠᠯᠠ ᠮᠥᠩᠭᠦ ᠨᠢ 7920 ᠲᠦᠮᠡᠨ ᠲᠥᠭᠦᠷᠢᠭ ᠲᠤ ᠬᠦᠷᠴᠡᠢ᠂ ᠡᠭᠦᠨ ᠳᠤ ᠮᠠᠭᠤᠳᠠᠭᠰᠠᠨ ᠲᠤᠷᠤᠭ ᠮᠣᠳᠣᠨ ᠤ ᠣᠶ ᠶᠢ ᠰᠡᠷᠭᠦᠭᠡᠬᠦ ᠲᠥᠷᠥᠯ ᠵᠦᠢᠯ 4 ᠲᠦᠮᠡᠨ ᠮᠥ᠂ ᠪᠤᠲᠠ ᠮᠤᠳᠤ ᠶᠢ ᠬᠠᠳᠤᠵᠤ ᠲᠡᠭᠰᠢᠯᠡᠬᠦ ᠲᠥᠷᠥᠯ ᠵᠦᠢᠯ 12 ᠲᠦᠮᠡᠨ ᠮᠥ᠂ ᠬᠦᠷᠢᠶ᠎ᠡ ᠲᠠᠲᠠᠨ ᠪᠢᠲᠡᠭᠦᠮᠵᠢᠯᠡᠵᠦ ᠪᠤᠶᠢᠵᠢᠭᠤᠯᠬᠤ ᠲᠥᠷᠥᠯ ᠵᠦᠢᠯ 20 ᠲᠦᠮᠡᠨ ᠮᠥ᠂ ᠡᠪᠡᠰᠦ ᠪᠡᠯᠴᠢᠭᠡᠷ ᠢ ᠬᠠᠳᠤᠵᠤ ᠲᠡᠭᠰᠢᠯᠡᠬᠦ ᠲᠥᠷᠥᠯ ᠵᠦᠢᠯ 3.6 ᠲᠦᠮᠡᠨ ᠮᠥ ᠪᠣᠶ᠃      ᠲᠥᠷᠥᠯ ᠵᠦᠢᠯ ᠢ ᠣᠨᠣᠪᠴᠢᠲᠠᠶ ᠪᠥᠭᠡᠳ ᠲᠦᠷᠭᠡᠨ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ 1 ᠳ᠋ᠦ᠋ᠭᠡᠷ ᠰᠠᠷ᠎ᠠ ᠠᠴᠠ ᠡᠬᠢᠯᠡᠨ᠂ ᠡᠵᠡᠨ ᠬᠤᠷᠤᠭ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠺᠠᠳ᠋ᠷ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠤᠨ ᠪᠥᠬᠦ ᠬᠤᠰᠢᠭᠤᠨ ᠤ ᠡᠯ᠎ᠡ ᠪᠠᠯᠭᠠᠰᠤᠨ ᠳᠤ ᠭᠦᠨᠵᠡᠭᠡᠶᠢᠷᠡᠨ᠂ ᠵᠢᠯᠣᠭᠤᠴᠢ ᠥᠬᠡᠶ ᠨᠢᠰᠭᠡᠯ᠂ GPS ᠳᠠᠭᠠᠭᠤᠯᠢ ᠣᠳᠣᠨ ᠤ ᠪᠠᠶᠢᠷᠢ ᠲᠣᠭᠲᠠᠭᠠᠬᠤ ᠬᠡᠮᠵᠢᠭᠦᠷᠯᠢᠭ ᠵᠡᠷᠭᠡ ᠲᠡᠷᠢᠭᠦᠨ ᠤ ᠮᠡᠷᠭᠡᠵᠢᠯ ᠲᠥᠬᠦᠭᠡᠷᠦᠮᠵᠢ ᠶᠢ ᠠᠰᠢᠭᠯᠠᠨ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠵᠤ᠂ ᠲᠥᠷᠥᠯ  ᠵᠦᠢᠯ ᠤᠨ ᠣᠷᠣᠨ ᠤ ᠵᠠᠭᠠᠭ ᠬᠢᠵᠠᠭᠠᠷ ᠢ ᠣᠨᠣᠪᠴᠢᠲᠠᠶ ᠲᠣᠭᠲᠠᠭᠠᠵᠤ᠂ ᠤᠳᠤᠬᠠᠨ ᠳᠤ ᠲᠥᠷᠥᠯ ᠵᠤᠶᠢᠯ  ᠪᠥᠬᠦ ᠲᠠᠯ᠎ᠠ ᠪᠠᠷ  ᠥᠷᠨᠢᠵᠦ ᠡᠬᠢᠯᠡᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠨᠢᠭᠡᠳᠤᠯᠳᠠᠢ ᠲᠦᠯᠦᠪᠵᠢᠭᠦᠯᠦᠨ ᠵᠤᠬᠢᠴᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠡᠷᠭᠦᠭᠡᠨ ᠬᠠᠮᠠᠭᠠᠯᠠᠬᠤ ᠲᠦᠰᠦᠯ ᠢ ᠰᠢᠨᠵᠢᠯᠡᠭᠦ ᠤᠬᠠᠭᠠᠨᠴᠢ ᠪᠠᠷ ᠲᠤᠬᠳᠠᠭᠠᠵᠤ᠂ ᠬᠤᠶᠢᠰᠢᠳᠠ ᠶᠢᠨ ᠬᠠᠮᠢᠶᠠᠷᠤᠨ ᠬᠠᠮᠠᠭᠠᠯᠠᠬᠤ ᠠᠷᠭ᠎ᠠ ᠪᠠᠷᠢᠯ ᠢᠶᠠᠨ ᠡᠷᠴᠢᠮᠵᠢᠭᠦᠯᠵᠤ᠂ ᠤᠷᠤᠨ ᠪᠦᠰᠡ ᠶᠢᠨ ᠠᠮᠢ ᠠᠬᠤᠢ ᠶᠢᠨ ᠴᠢᠳᠠᠮᠵᠢ ᠶᠢᠨ ᠲᠤᠬᠳᠠᠭᠤᠨ ᠲᠡᠭᠡᠭᠰᠢᠯᠡᠯᠳᠡ ᠶᠢ ᠠᠬᠢᠭᠤᠯᠬᠤ ᠶᠢᠨ ᠬᠠᠮᠲᠤ ᠮᠠᠯᠴᠢᠨ ᠲᠠᠷᠢᠶᠠᠴᠢᠨ ᠤ ᠪᠤᠷᠭᠠᠰᠤ ᠶᠢ ᠲᠡᠭᠰᠢᠯᠡᠬᠦ᠂ ᠨᠤᠲᠤᠭ ᠪᠡᠯᠴᠢᠭᠡᠷ ᠢ ᠰᠠᠶᠢᠵᠢᠷᠠᠭᠤᠯᠬᠤ ᠵᠡᠷᠭᠡ ᠲᠥᠷᠥᠯ ᠵᠦᠢᠯ ᠳ᠋ᠤ᠋‌ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠮᠠᠯᠴᠢᠨ ᠲᠠᠷᠢᠶᠠᠴᠢᠨ ᠤ ᠲᠤᠬᠠᠶ ᠶᠢᠨ ᠭᠠᠵᠠᠷ ᠪᠠ ᠣᠶᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠠᠢ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ