ᠳᠠᠭᠠᠭᠠᠴᠠ ᠠᠴᠠ ᠬᠡᠲᠦᠷᠡᠭᠰᠡᠨ 8 ᠪᠠᠷᠠᠭᠠᠨ ᠤ ᠲᠡᠷᠭᠡ ᠶᠢ ᠪᠠᠶᠢᠴᠠᠭᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/3/23
           ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤᠷᠠᠨ ᠤᠯᠠᠭᠠᠨᠮᠦ᠋ᠷᠡᠨ ᠪᠠᠯᠭᠠᠰᠤᠨ ᠠᠴᠠ ᠠᠯᠲᠠᠨᠰᠢᠷᠡᠭᠡᠲᠦ ᠪᠠᠯᠭᠠᠰᠤ ᠬᠥᠷᠬᠦ ᠱᠤᠭᠤᠮ ᠳᠤ ᠲᠣᠮᠣ ᠠᠴᠢᠶᠠᠨ ᠤ ᠮᠠᠰᠢᠨ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠰᠡᠵᠢᠭᠯᠡᠯᠲᠡᠶ 8 ᠲᠡᠷᠭᠡ ᠶᠢ ᠪᠠᠶᠢᠴᠠᠭᠠᠵᠤ᠂ ᠴᠥᠮ ᠠᠳᠠᠯᠢ ᠪᠤᠰᠤ ᠬᠡᠮᠵᠢᠶ᠎ᠡ ᠪᠠᠷ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠪᠠᠶᠢᠵᠤ᠂ ᠬᠠᠤᠯᠢ ᠲᠣᠭᠲᠠᠭᠠᠯ ᠶᠣᠰᠣᠭᠠᠷ᠂ ᠪᠠᠷᠠᠭᠠᠨ ᠤ ᠲᠡᠷᠭᠡ ᠶᠢᠨ ᠪᠠᠷᠠᠭ᠎ᠠ ᠠᠴᠢᠶᠠᠯᠠᠭᠰᠠᠨ ᠬᠡᠮᠵᠢᠶ᠎ᠡ ᠨᠢ ᠬᠢᠨᠠᠨ ᠲᠣᠭᠲᠠᠭᠠᠭᠰᠠᠨ ᠳᠠᠭᠠᠭᠠᠴᠠ ᠶᠢᠨ ᠬᠡᠮᠵᠢᠶ᠎ᠡ ᠠᠴᠠ 50 % ᠠᠴᠠ ᠳᠡᠭᠡᠭᠰᠢ ᠬᠡᠲᠦᠷᠡᠭᠰᠡᠨ ᠪᠠᠶᠢᠪᠠᠯ᠂ 2000 ᠲᠥᠭᠦᠷᠢᠭ᠂ 6 ᠬᠤᠪᠢ ᠳᠡᠮᠳᠡᠭᠯᠡᠵᠦ ᠂ 30 %- 50 %  ᠶᠢᠨ ᠬᠤᠭᠤᠷᠤᠳᠤ ᠬᠡᠲᠦᠷᠡᠭᠰᠡᠨ ᠪᠠᠶᠢᠪᠠᠯ 1000 ᠲᠥᠭᠦᠷᠢᠭ ᠲᠣᠷᠭᠠᠵᠤ᠂ 3 ᠬᠤᠪᠢ ᠳᠡᠮᠳᠡᠭᠯᠡᠭᠰᠡᠨ ᠪᠠᠶᠢᠨ᠎ᠠ᠃                                
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ