ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ 2025 ᠣᠨ ᠤ ᠳᠡᠭᠡᠳᠦ ᠳᠤᠮᠳᠠᠳᠤ ᠶᠢᠨ ᠰᠤᠷᠤᠭᠴᠢᠳ ᠤᠨ ᠰᠡᠳᠬᠢᠴᠡ ᠶᠢᠨ ᠳᠠᠷᠤᠭᠠᠰᠤ ᠶᠢ ᠬᠦᠩᠭᠡᠷᠡᠭᠦᠯᠬᠦ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/3/24
      2025 ᠣᠨ ᠤ 3 ᠳ᠋ᠤᠭᠠᠷ ᠰᠠᠷ᠎ᠠ ᠶᠢᠨ 22  ᠤᠨ ᠡᠳᠦᠷ᠂ ᠡᠵᠡᠨ ᠬᠤᠷᠤᠭ᠎ᠠ ᠬᠤᠰᠢᠭᠤᠨ ᠤ ᠡᠪᠯᠡᠯ ᠤᠨ ᠬᠤᠷᠢᠶ᠎ᠠ ᠠᠴᠠ ᠭᠤᠣᠯᠯᠠᠨ‌ᠡᠷᠬᠢᠯᠡᠵᠦ᠂ ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠠᠴᠠ ᠬᠠᠪᠰᠤᠷᠤᠨ ᠡᠷᠬᠢᠯᠡᠭᠰᠡᠨ ︽ᠥᠭᠭᠢᠶᠡᠮᠦᠷ ᠰᠡᠳᠬᠢᠯ ᠤᠨ ᠭᠦᠨ ᠳᠡᠭᠡᠨ ᠲᠦᠰᠢᠭᠯᠡᠨ᠂ ᠤᠷᠤᠭᠰᠢ ᠪᠠᠨ ᠵᠤᠷᠢᠭᠲᠠᠢ ᠲᠡᠮᠡᠥᠯᠡᠶ᠎ᠡ︾ 12355 ᠡᠵᠡᠨ ᠬᠤᠷᠤᠭ᠎ᠠ ᠬᠤᠰᠢᠭᠤᠨ ᠤ ᠵᠠᠯᠠᠭᠤ ᠪᠠᠭᠠᠴᠤᠳ ᠤᠨ ᠰᠡᠳᠬᠢᠴᠡ ᠶᠢᠨ ᠲᠠᠶᠢᠯᠤᠮᠵᠢ ᠶᠢᠨ ᠰᠠᠭᠤᠳᠠᠯ ᠤᠨ ᠬᠤᠷᠠᠯ ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠪᠠ᠃       ᠠᠵᠢᠯᠯᠠᠭᠠᠨ ᠳᠤ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠠᠰᠠᠭᠤᠨ ᠯᠠᠪᠯᠠᠭᠴᠢ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠵᠢᠭᠠᠨ ᠵᠢᠯᠣᠭᠤᠳᠬᠤ ᠲᠥᠪ ᠤᠨ ᠡᠷᠬᠢᠯᠡᠭᠴᠢ ᠵᠢᠩ ᠬᠤᠢ ᠪᠠᠭᠰᠢ ᠶᠢ ᠤᠷᠢᠵᠤ᠂ ᠥᠨᠳᠥᠷ ᠳᠤᠮᠳᠠᠳᠤ ᠶᠢᠨ ᠪᠦᠬᠦ ᠰᠤᠷᠤᠭᠴᠢᠳ ᠲᠤ ᠨᠢᠭᠡᠨ ᠲᠠᠯᠠᠪᠠᠢ ᠲᠤᠰᠬᠠᠢ ᠮᠡᠷᠭᠡᠵᠢᠯ ᠪᠠ ᠬᠡᠷᠡᠭᠯᠡᠭᠡᠨ ᠤ ᠴᠢᠨᠠᠷ ᠢ ᠨᠢᠭᠡ ᠴᠤᠭᠴᠠᠵᠢᠭᠤᠯᠤᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠬᠠᠪᠰᠤᠷᠤᠨ ᠵᠢᠯᠣᠭᠤᠳᠬᠤ  ᠬᠢᠴᠢᠶᠡᠯ ᠣᠷᠣᠭᠰᠠᠨ ᠪᠠᠶᠢᠨ᠎ᠠ᠃       ᠥᠨᠳᠥᠷ ᠳᠤᠮᠳᠠᠳᠤ ᠶᠢᠨ ᠰᠤᠷᠤᠭᠴᠢᠳ ᠤᠨ ᠢᠷᠡᠭᠡᠳᠦᠢ ᠶᠢᠨ ᠲᠤᠬᠠᠢ ᠪᠤᠳᠤᠯᠭᠠᠰᠢᠷᠠᠯ ᠪᠣᠯᠤᠨ ᠠᠵᠢᠯ ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠳᠤ ᠴᠢᠭᠯᠡᠭᠦᠯᠦᠨ᠂ ᠵᠢᠩ ᠬᠤᠢ ᠪᠠᠭᠰᠢ ᠠᠴᠠ ᠤᠯᠤᠰ ‍ᠤᠨ‌ᠨᠢᠭᠡᠳᠦᠯᠲᠡᠢ ᠰᠢᠯᠭᠠᠯᠲᠠ ᠶᠢᠨ ᠲᠥᠷᠥ ᠶᠢᠨ ᠪᠣᠳᠣᠯᠭ᠎ᠠ᠂ ᠠᠵᠢᠯ ᠤᠨ ᠬᠥᠭᠵᠢᠯᠲᠡ ᠶᠢᠨ ᠬᠠᠨᠳᠤᠰᠢ ᠲᠠᠢ ᠤᠶᠠᠯᠳᠤᠭᠤᠯᠵᠤ᠂ ᠳᠤᠷ᠎ᠠ ᠰᠣᠨᠢᠷᠬᠠᠯ ᠪᠣᠯᠤᠨ ᠳᠠᠪᠠᠭᠤᠯᠢᠭ ᠳᠠᠭᠠᠨ ᠵᠤᠬᠢᠴᠠᠭᠤᠯᠤᠨ ᠬᠠᠷᠠᠯᠲᠠ ᠲᠣᠭᠲᠠᠭᠠᠨ᠂ ᠭᠠᠳᠠᠭᠠᠳᠤ ᠰᠤᠷᠠᠭ ᠵᠠᠩᠭᠢ ᠶᠢ ᠤᠶᠢᠯᠠᠭᠠᠬᠤ ᠵᠡᠷᠭᠡ ᠠᠭᠤᠯᠭ᠎ᠠ ᠪᠠᠷ᠂ ᠰᠢᠨᠵᠢᠯᠡᠬᠦ ᠤᠬᠠᠭᠠᠨᠴᠢ ᠠᠵᠢᠯ ᠮᠡᠷᠭᠡᠵᠢᠯ ᠤᠨ ᠲᠥᠯᠥᠪᠵᠢᠭᠦᠯᠭᠡ ᠪᠠ ᠴᠠᠭ ᠤᠨ ᠬᠠᠮᠢᠶᠠᠷᠤᠯᠲᠠ ᠶᠢᠨ ᠲᠥᠯᠥᠪᠯᠡᠭᠡ ᠶᠢ ᠲᠠᠶᠢᠯᠪᠤᠷᠢᠯᠠᠨ ᠶᠠᠷᠢᠵᠠᠢ᠃       ᠲᠤᠰ ᠤᠳᠠᠭᠠᠨ ᠤ ᠰᠡᠳᠬᠢᠴᠡ ᠶᠢᠨ ᠳᠠᠷᠤᠭᠠᠰᠤ ᠶᠢ ᠬᠦᠩᠭᠡᠷᠡᠬᠦᠯᠬᠦ ᠰᠠᠭᠤᠳᠠᠯ ᠤᠨ ᠬᠤᠷᠠᠯ ᠨᠢ ᠥᠨᠳᠥᠷ ᠳᠤᠮᠳᠠᠳᠤ ᠶᠢᠨ ᠰᠤᠷᠤᠭᠴᠢᠳ ᠲᠤ ᠰᠢᠨᠵᠢᠯᠡᠬᠦ ᠤᠬᠠᠭᠠᠨᠴᠢ ᠪᠠᠷ ᠳᠠᠷᠤᠭᠠᠰᠤ ᠪᠠᠨ ᠬᠦᠩᠭᠡᠷᠡᠬᠦᠯᠬᠦ ︽ᠪᠠᠭᠠᠵᠢ ᠶᠢᠨ ᠬᠠᠶᠢᠷᠴᠠᠭ︾ ᠢ ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠦ ︽ᠰᠡᠳᠬᠢᠴᠡ ᠶᠢᠨ ᠡᠷᠡᠭᠦᠯ ᠮᠡᠨᠳᠦ ᠬᠢᠭᠡᠳ ᠰᠤᠷᠤᠯᠭ᠎ᠠ ᠶᠢᠨ ᠠᠮᠵᠢᠯᠲᠠ ᠶᠢ ᠵᠡᠷᠭᠡᠪᠡᠷ ᠴᠢᠬᠤᠯᠠᠴᠢᠯᠠᠬᠤ︾ ᠰᠤᠷᠭᠠᠨ ᠬᠥᠮᠦᠵᠢᠯ ᠤᠨ ᠣᠨᠣᠯᠵᠢᠬᠤᠨ ᠢ ᠤᠯᠠᠮᠵᠢᠯᠠᠨ᠂ ᠪᠡᠶ᠎ᠡ ᠰᠡᠳᠬᠢᠯ ᠤᠨ ᠡᠷᠡᠭᠦᠯ ᠴᠢᠭᠢᠷᠠᠭ ᠴᠠᠭ ᠦᠶ᠎ᠡ ᠶᠢᠨ ᠰᠢᠨ᠎ᠡ ᠬᠥᠮᠦᠰ ᠢ ᠬᠥᠮᠦᠵᠢᠭᠦᠯᠬᠦ ᠳᠤ ᠬᠦᠴᠦᠲᠡᠢ ᠬᠥᠳᠡᠯᠭᠡᠬᠦ ᠬᠦᠴᠦᠨ  ᠨᠡᠮᠡᠷᠢᠯᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ