| ᠣᠶᠢᠷ᠎ᠠ ᠶᠢᠨ ᠡᠳᠦᠷ᠂ ᠡᠵᠡᠨ ᠬᠤᠷᠤᠭ᠎ᠠ ᠬᠤᠰᠢᠭᠤᠨ ᠤ ᠠᠩᠬᠠᠳᠠᠭᠴᠢ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠲᠥᠪ ᠵᠢᠩᠬᠢᠨᠢ ᠪᠠᠷ ᠠᠰᠢᠭᠯᠠᠯᠲᠠ ᠳᠤ ᠣᠷᠣᠪᠠ᠃ | 3000 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠡᠵᠡᠨ ᠬᠤᠷᠤᠭ᠎ᠠ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠲᠥᠪ᠂ ᠡᠵᠢ ᠴᠡᠴᠡᠷᠯᠢᠭ ᠤᠨ ᠪᠠᠷᠠᠭᠤᠨ ᠡᠮᠦᠨ᠎ᠡ ᠲᠠᠯ᠎ᠠ ᠳᠤ ᠪᠠᠶᠢᠷᠢᠯᠠᠵᠤ᠂ ᠪᠠᠷᠢᠯᠭ᠎ᠠ ᠶᠢᠨ ᠲᠠᠯᠠᠪᠠᠢ ᠨᠢ 3712.3 ᠲᠡᠭᠰᠢ ᠲᠦᠷᠪᠡᠯᠵᠢᠨ ᠮᠧᠲᠷ᠂ | ᠭᠡᠷ ᠤᠨ ᠭᠠᠳᠠᠨᠠᠬᠢ ᠬᠦᠳᠡᠯᠭᠡᠭᠡᠨ ᠤ ᠲᠠᠯᠠᠪᠠᠢ ᠨᠢ 615ᠲᠡᠭᠰᠢ ᠲᠦᠷᠪᠡᠯᠵᠢᠨ ᠮᠧᠲᠷ ᠪᠠᠶᠢᠵᠤ᠂ ᠳᠣᠲᠣᠷ᠎ᠠ ᠪᠠᠨ 10 ᠪᠠᠷᠢᠮᠵᠢᠶᠠᠵᠢᠭᠰᠠᠨ ᠬᠢᠴᠢᠶᠡᠯ ᠤᠨ ᠭᠡᠷ ᠵᠢᠴᠢ | ᠰᠡᠷᠡᠯ ᠤᠨ ᠪᠦᠷᠢᠳᠬᠡᠯ ᠤᠨ ᠲᠠᠰᠤᠭ᠂ ᠸᠠᠭᠠᠷ ᠤᠨ ᠤᠷᠠᠯᠢᠭ ᠤᠨ ᠭᠠᠵᠠᠷ᠂ ᠵᠢᠷᠤᠭᠲᠤ ᠳᠡᠪᠲᠡᠷ ᠤᠨ ᠣᠷᠳᠣᠨ ᠵᠡᠷᠭᠡ 3 ᠨᠢᠯᠬ᠎ᠠ ᠬᠡᠦᠬᠡᠳ ᠤᠨ ᠬᠦᠳᠡᠯᠭᠡᠭᠡᠨ ᠤ | ᠲᠠᠰᠤᠭ ᠢ ᠪᠠᠭᠳᠠᠭᠠᠨ᠂ ᠨᠢᠭᠡᠨ 0-3 ᠨᠠᠰᠤᠨ ᠤ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠪᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ | ᠵᠡᠷᠭᠡ ᠴᠢᠳᠠᠪᠬᠢ ᠶᠢ ᠨᠢᠭᠡ ᠴᠤᠭᠴᠠᠵᠢᠭᠤᠯᠤᠭᠰᠠᠨ ᠠᠯᠪᠠᠨ ᠠᠴᠠ ᠡᠷᠬᠢᠯᠡᠭᠰᠡᠨ ᠪᠠᠶᠢᠭᠤᠯᠤᠮᠵᠢ ᠪᠣᠯᠤᠨ᠎ᠠ᠃ | 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠡᠵᠡᠨ ᠬᠤᠷᠤᠭ᠎ᠠ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠡᠤᠬᠡᠳ ᠰᠠᠭᠠᠲᠠᠭᠤᠯᠬᠤ ᠲᠥᠪ ᠲᠤ 5 ᠶᠡᠭᠡ ᠠᠩᠭᠢ᠂ 1 ᠪᠠᠭ᠎ᠠ ᠠᠩᠭᠢ ᠲᠣᠬᠢᠷᠠᠭᠤᠯᠵᠤ᠂ ᠨᠡᠶᠢᠲᠡ 85 ᠬᠡᠤᠬᠡᠳ ᠢ ᠡᠯᠰᠡᠨ᠂ | 1.5 — 3 ᠪᠦᠬᠦᠯᠢ ᠨᠠᠰᠤᠨ ᠤ ᠬᠡᠤᠬᠡᠳ ᠲᠤ ᠪᠦᠬᠦᠯᠢ ᠡᠳᠦᠷ ᠤᠨ ᠳᠦᠷᠢᠮᠲᠦ ᠬᠡᠤᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢᠨ ᠬᠠᠮᠲᠤ ᠡᠴᠢᠭᠡ ᠡᠭᠡ | ᠦᠷ᠎ᠡ ᠬᠡᠤᠬᠡᠳ ᠤᠨ ᠬᠢᠴᠢᠶᠡᠯ ᠢ ᠲᠣᠬᠢᠷᠠᠭᠤᠯᠵᠤ᠂ ᠤᠯᠤᠰ ᠤᠨ ᠳᠣᠲᠣᠭᠠᠳᠤ ᠶᠢᠨ ᠰᠢᠯᠢᠳᠡᠭ ᠪᠥᠬᠦ ᠲᠠᠷᠢᠬᠢ ᠶᠢ ᠨᠡᠭᠡᠭᠡᠨ ᠬᠦᠭᠵᠢᠬᠦᠯᠬᠦ ᠬᠢᠴᠢᠶᠡᠯ ᠤᠨ ᠨᠠᠷᠠᠲᠤ | ᠲᠡᠮᠳᠡᠭᠲᠦ cople ︵ᠺᠤᠪᠤᠯ︶ ᠢ ᠣᠷᠣᠭᠤᠯᠣᠨ ᠠᠪᠴᠢᠷᠠᠵᠤ᠂ ᠡᠵᠡᠨ ᠬᠤᠷᠤᠭ᠎ᠠ ᠬᠤᠰᠢᠭᠤᠨ ᠤ ᠬᠡᠤᠬᠡᠳ ᠤᠳ ᠲᠤ ᠪᠡᠭᠡᠵᠢᠩ ᠵᠡᠷᠭᠡ ᠬᠥᠭᠵᠢᠭᠰᠡᠨ | ᠬᠤᠲᠠ ᠲᠠᠢ ᠠᠳᠠᠯᠢᠬᠠᠨ ᠴᠢᠨᠠᠷ ᠴᠢᠨᠰᠠᠭ᠎ᠠ ᠪᠦᠬᠦᠢ ᠪᠥᠬᠦ ᠲᠠᠷᠢᠬᠢ ᠶᠢ ᠨᠡᠭᠡᠭᠡᠨ ᠬᠦᠭᠵᠢᠬᠦᠯᠬᠦ ᠬᠢᠴᠢᠶᠡᠯ ᠢ ᠬᠦᠷᠳᠡᠭᠡᠬᠦ ᠪᠤᠯᠤᠨ᠎ᠠ᠃ ᠡᠨᠡ ᠬᠤᠭᠤᠴᠠᠭ᠎ᠠ ᠡᠴᠢᠭᠡ | ᠡᠭᠡ ᠦᠷ᠎ᠡ ᠬᠡᠤᠬᠡᠳ ᠤᠨ ᠠᠩᠭᠢ ᠶᠢ 39 ᠲᠤᠬᠢᠷᠠᠭᠤᠯᠵᠤ᠂ ᠨᠡᠶᠢᠲᠡ 222 ᠬᠡᠦᠬᠡᠳ ᠢ ᠡᠯᠰᠡᠬᠦ ᠪᠤᠯᠤᠨ᠎ᠠ᠃ | ᠡᠵᠡᠨ ᠬᠤᠷᠤᠭ᠎ᠠ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠪ ᠨᠢ ᠲᠤᠰᠬᠠᠶᠢᠵᠢᠭᠰᠠᠨ ᠪᠠᠭᠰᠢ ᠶᠢᠨ | ᠪᠦᠯᠬᠦᠮ ᠢ ᠲᠣᠬᠢᠷᠠᠭᠤᠯᠵᠤ᠂ ᠪᠠᠭᠰᠢ ᠨᠢᠭᠡᠪᠦᠷᠢ ᠳᠤ ᠴᠢᠩᠭ᠎ᠠ ᠨᠢᠮᠪᠠᠶ ᠰᠢᠭᠰᠢᠨ ᠰᠤᠩᠭᠤᠯᠳᠠ ᠪᠠ ᠰᠢᠰᠲ᠋ᠧᠮ ᠲᠠᠢ ᠪᠤᠯᠪᠠᠰᠤᠷᠠᠯ ᠬᠦᠷᠲᠡᠭᠡᠵᠦ᠂ ᠰᠢᠨᠵᠢᠯᠡᠬᠦ | ᠤᠬᠠᠭᠠᠨᠴᠢ ᠰᠢᠰᠲ᠋ᠧᠮᠵᠢᠭᠰᠡᠨ ᠬᠢᠴᠢᠶᠡᠯ ᠤᠨ ᠰᠢᠰᠲ᠋ᠧᠮ ᠢ ᠲᠦᠰᠤᠪᠯᠡᠨ ᠲᠤᠬᠢᠷᠠᠭᠤᠯᠵᠤ᠂ ᠨᠢᠯᠬ᠎ᠠ ᠬᠡᠤᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ | ᠶᠣᠰᠣ ᠲᠠᠢ ᠤᠶᠠᠯᠳᠤᠭᠤᠯᠤᠨ᠂ ᠲᠤᠭᠯᠠᠭᠠᠮ ᠤᠨ ᠮᠠᠶ᠋ᠢᠭ ᠤᠨ ᠪᠠ ᠠᠮᠢᠳᠤᠷᠠᠯ ᠤᠨ ᠲᠤᠮᠳᠠᠬᠢ ᠠᠷᠭ᠎ᠠ ᠮᠠᠶ᠋ᠢᠭ ᠢ ᠠᠪᠴᠤ ᠬᠡᠤᠬᠡᠳ ᠤᠨ ᠳᠠᠯᠳᠠ ᠴᠢᠳᠠᠪᠤᠷᠢ ᠶᠢ | ᠬᠥᠭᠵᠢᠭᠡᠬᠦ ᠪᠠᠷ ᠪᠠᠶᠢᠨ᠎ᠠ᠃ | ᠬᠡᠦᠬᠡᠳ ᠰᠠᠭᠠᠲᠠᠭᠤᠯᠬᠤ ᠦᠢᠯᠡᠴᠢᠯᠡᠭᠡ ᠪᠣᠯ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠮᠥᠨ᠂ ᠨᠡᠩ ᠴᠤ | ᠲᠦᠭ ᠲᠦᠮᠡᠨ ᠠᠶᠢᠯ ᠡᠷᠦᠬᠡ ᠶᠢᠨ ︽ᠰᠡᠳᠬᠢᠯ ᠤᠨ ᠶᠡᠭᠡ ᠶᠠᠪᠤᠳᠠᠯ︾ ᠪᠤᠯᠤᠨ᠎ᠠ᠃ ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤ ᠰᠣᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ | ᠪᠣᠯᠭᠠᠨ ᠠᠳᠬᠤᠵᠤ᠂ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠬᠤᠲᠠ ᠬᠥᠳᠡᠭᠡ ᠶᠢ ᠬᠠᠮᠤᠷᠤᠭᠰᠠᠨ᠂ ᠪᠠᠶᠢᠷᠢᠰᠢᠯ ᠨᠢ ᠵᠦᠶ ᠵᠣᠬᠢᠰᠲᠠᠶ᠂ ᠲᠦᠭᠡᠮᠡᠯ ᠠᠰᠢᠭ ᠬᠦᠷᠲᠡᠭᠡᠬᠦ ᠶᠢ ᠲᠦᠭᠡᠮᠡᠯᠵᠢᠭᠦᠯᠦᠭᠰᠡᠨ ᠰᠣᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠥᠬᠦ ᠬᠦᠴᠦᠨ ᠢᠶᠠᠷ ᠢᠶᠠᠨ ᠪᠠᠶᠢᠭᠤᠯᠵᠤ ᠪᠠᠶᠢᠨ᠎ᠠ᠃ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠪ ᠢ ᠪᠠᠶᠢᠭᠤᠯᠤᠭᠰᠠᠨ ᠨᠢ ᠡᠵᠡᠨ ᠬᠤᠷᠤᠭ᠎ᠠ ᠬᠤᠰᠢᠭᠤᠨ ᠤ ᠤᠯᠤᠰ ᠤᠨ ︽ᠨᠢᠯᠬ᠎ᠠ | ᠬᠡᠤᠬᠡᠳ ᠲᠤ ᠰᠤᠷᠭᠠᠨ ᠬᠥᠮᠦᠵᠢᠯ ᠲᠠᠢ︾ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠰᠤᠷᠭᠠᠨ ᠬᠥᠮᠦᠵᠢᠯ ᠤᠨ | ᠬᠡᠷᠡᠭᠴᠡᠭᠡ ᠱᠠᠭᠠᠷᠳᠠᠯᠭ᠎ᠠ ᠳᠤ ᠬᠠᠷᠢᠭᠤ ᠥᠭᠬᠦ ᠴᠢᠬᠤᠯᠠ ᠠᠷᠭ᠎ᠠ ᠬᠡᠮᠵᠢᠶ᠎ᠡ ᠪᠠᠶᠢᠵᠤ᠂ ᠪᠥᠬᠦ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠵᠦ᠂ 0 — 18 ᠨᠠᠰᠤᠨ ᠤ ᠪᠥᠬᠦ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠤᠨ | ᠬᠥᠮᠦᠵᠢᠭᠦᠯᠬᠦ ᠰᠢᠰᠲ᠋ᠧᠮ ᠢ ᠲᠡᠭᠦᠯᠳᠡᠷᠵᠢᠭᠦᠯᠦᠨ᠂ ᠡᠵᠡᠨ ᠬᠤᠷᠤᠭ᠎ᠠ ᠬᠤᠰᠢᠭᠤᠨ ᠤ ︽ᠵᠣᠯ ᠵᠢᠷᠭᠠᠯᠳᠤ ᠰᠤᠷᠭᠠᠨ ᠬᠥᠮᠦᠵᠢᠯ︾ ᠤᠨ ᠨᠠᠷᠠᠲᠤ ᠲᠡᠮᠳᠡᠭᠲᠦ ᠶᠢᠨ | ᠪᠠᠶᠢᠭᠤᠯᠤᠯᠲᠠ ᠶᠢᠨ ᠴᠢᠬᠤᠯᠠ ᠪᠡᠯᠭᠡ ᠲᠡᠮᠳᠡᠭ ᠪᠤᠯᠭᠠᠵᠣ᠂ ︽ᠵᠢᠵᠢᠭ ᠶᠠᠪᠤᠳᠠᠯ︾ ᠢᠶᠠᠷ ︽ᠠᠷᠠᠳ ᠤᠨ ᠠᠮᠢᠳᠤᠷᠠᠯ ᠤᠨ ᠶᠡᠭᠡ ᠶᠠᠪᠤᠳᠠᠯ︾ ᠳᠤ ᠦᠢᠯᠡᠴᠢᠯᠡᠬᠦ | ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠤᠯᠤᠨ᠎ᠠ᠂ ᠰᠢᠨᠵᠢᠯᠡᠬᠦ ᠤᠬᠠᠭᠠᠨᠴᠢᠯᠠᠭᠰᠠᠨ᠂ ᠲᠤᠰᠬᠠᠶᠢᠵᠢᠭᠰᠠᠨ ᠬᠡᠤᠬᠡᠳ ᠰᠠᠭᠠᠲᠠᠭᠤᠯᠬᠤ ᠦᠢᠯᠡᠴᠢᠯᠡᠭᠡ ᠪᠠᠷ ᠳᠠᠮᠵᠢᠨ᠂ 0 | — 3 ᠨᠠᠰᠤᠨ ᠤ ᠨᠢᠯᠬ᠎ᠠ ᠬᠡᠤᠬᠡᠳ ᠲᠤ ᠠᠮᠤᠷ ᠲᠦᠪᠰᠢᠨ᠂ ᠡᠷᠡᠭᠦᠯ ᠴᠢᠭᠢᠷᠠᠭ᠂ ᠪᠠᠶᠠᠷ ᠬᠥᠷ ᠲᠠᠢ ᠦᠰᠦᠨ ᠪᠤᠶᠢᠵᠢᠬᠤ ᠣᠷᠴᠢᠨ ᠨᠥᠬᠦᠴᠡᠯ ᠢ ᠬᠠᠩᠭᠠᠵᠤ᠂ ᠵᠠᠯᠠᠭᠤ | ᠡᠴᠢᠭᠡ ᠡᠭᠡ ᠶᠢ ︽ᠬᠡᠤᠬᠡᠳ ᠬᠠᠷᠠᠬᠤ ᠵᠣᠪᠠᠨᠢᠯ︾ ᠠᠴᠠ ᠨᠢ ᠴᠢᠯᠥᠭᠡᠯᠡᠵᠦ᠂ ᠪᠦᠬᠦ ᠰᠡᠳᠬᠢᠯ ᠢᠶᠠᠷ ᠢᠶᠠᠨ ᠠᠵᠢᠯ ᠦᠢᠯᠡᠰ ᠲᠡᠭᠡᠨ ᠵᠢᠳᠬᠦᠬᠦ ᠳᠤ ᠤᠶᠢᠯᠡᠴᠢᠯᠡᠬᠦ | ᠪᠤᠯᠤᠨ᠎ᠠ᠃ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠪᠠᠷ ᠳᠠᠮᠵᠢᠭᠤᠯᠤᠨ᠂ ᠬᠡᠤᠬᠡᠳ ᠤᠳ ᠲᠤ ᠪᠡᠶ᠎ᠡ | ᠰᠡᠳᠬᠢᠯ ᠤᠨ ᠪᠥᠬᠦ ᠲᠠᠯ᠎ᠠ ᠶᠢᠨ ᠬᠥᠭᠵᠢᠯᠲᠡ ᠳᠤ ᠰᠠᠭᠤᠷᠢ ᠲᠠᠯᠪᠢᠵᠤ᠂ ︽ᠨᠢᠯᠬ᠎ᠠ ᠬᠡᠤᠬᠡᠳ ᠢ ᠴᠢᠳᠠᠮᠠᠭᠠᠶ ᠪᠤᠶᠢᠵᠢᠭᠤᠯᠬᠤ︾ ᠶᠢ ᠦᠨᠡᠨ ᠬᠦ ᠪᠡᠶᠡᠯᠡᠭᠦᠯᠬᠦ ᠪᠣᠯᠣᠨ᠎ᠠ᠃ | | | |