ᠠᠩᠬᠠᠳᠤᠭᠠᠷ ᠬᠤᠭᠤᠴᠠᠭᠠᠨ ᠤ ︽ᠰᠤᠷᠭᠠᠭᠤᠯᠢ ᠶᠢᠨ ᠬᠦᠷᠢᠶᠡᠨ ᠤ ᠬᠢᠨᠢᠰ ᠤᠨ ᠬᠤᠪᠢ ᠬᠥᠮᠦᠨ ᠤ ᠥᠷᠢᠰᠥᠯᠳᠦᠭᠡᠨ ᠤ ᠤᠷᠤᠯᠳᠤᠭᠠᠨ︾ ᠡᠬᠢᠯᠡᠪᠡ
ᠨᠡᠶᠢᠲᠡᠯᠡᠭᠰᠡᠨ ᠴᠠᠭ᠄
2025/3/25
      3 ᠳ᠋ᠤᠭᠠᠷ ᠰᠠᠷ᠎ᠠ ᠶᠢᠨ 24 ᠤ ᠡᠳᠦᠷ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠷᠳᠣᠰ ᠤᠨ ᠬᠤᠶᠠᠳᠤᠭᠠᠷ ᠬᠠᠷᠢᠶᠠᠲᠤ ᠪᠠᠭ᠎ᠠ ᠰᠤᠷᠭᠠᠭᠤᠯᠢ ᠶᠢᠨ ᠭᠤᠷᠪᠠᠳᠤᠭᠠᠷ ᠣᠨ ᠤ ᠬᠢᠨ ᠠᠩᠬᠠᠳᠤᠭᠠᠷ ᠬᠤᠭᠤᠴᠠᠭᠠᠨ ᠤ ︽ᠰᠤᠷᠭᠠᠭᠤᠯᠢ ᠶᠢᠨ ᠬᠦᠷᠢᠶᠡᠨ ᠤ ᠭᠢᠨᠢᠰ ᠤᠨ ᠬᠤᠪᠢ ᠬᠥᠮᠦᠨ ᠤ ᠥᠷᠢᠰᠥᠯᠳᠦᠭᠡᠨ ᠤ ᠤᠷᠤᠯᠳᠤᠭᠠᠨ︾ ᠢ ᠵᠢᠩᠬᠢᠨᠢ ᠪᠠᠷ ᠡᠬᠢᠯᠡᠬᠦᠯᠪᠡ᠃      ᠤᠷᠤᠯᠳᠤᠭᠠᠨ ᠨᠢ ︽ᠴᠢᠯᠥᠭᠡᠲᠡᠶ ᠪᠠᠷ ᠪᠠᠳᠠᠷᠠᠭᠤᠯᠤᠨ · ᠥᠪᠡᠷ ᠢ ᠪᠠᠨ ᠳᠠᠪᠠᠭ᠋ᠤ︾ ᠪᠠᠷ ᠭᠤᠤᠯ ᠰᠡᠳᠦᠪ ᠪᠣᠯᠭᠠᠵᠤ᠂ ᠭᠤᠷᠪᠠᠳᠤᠭᠠᠷ ᠣᠨ ᠤ ᠰᠤᠷᠤᠭᠴᠢᠳ ᠲᠤ ᠬᠠᠨᠳᠤᠭᠤᠯᠤᠨ ᠣᠯᠠᠨ ᠡᠰᠢᠲᠦ ᠴᠢᠳᠠᠪᠤᠷᠢ ᠶᠢᠨ ᠥᠷᠢᠰᠥᠯᠳᠦᠭᠡᠨ ᠢ ᠲᠤᠬᠢᠷᠠᠭᠤᠯᠵᠦ᠂ ᠡᠭᠦᠨ ᠳᠤ ᠪᠡᠶ᠎ᠡ ᠶᠢᠨ ᠲᠠᠮᠢᠷ ᠬᠥᠳᠡᠯᠮᠦᠷᠢ ᠶᠢᠨ ᠲᠥᠷᠥᠯ᠂ ᠣᠶᠤᠨ ᠮᠡᠳᠡᠯᠭᠡ ᠶᠢᠨ ᠲᠥᠷᠥᠯ ᠪᠠ ᠤᠷᠠᠯᠢᠭ ᠭᠠᠷ ᠤᠷᠠᠯᠠᠯ ᠤᠨ ᠲᠥᠷᠥᠯ ᠵᠡᠷᠭᠡ 16 ᠵᠦᠢᠯ ᠤᠨ ᠰᠤᠨᠢᠷᠬᠠᠯᠳᠤ ᠥᠷᠢᠰᠥᠯᠳᠦᠭᠡᠨ ᠢ ᠪᠠᠭᠲᠠᠭᠠᠵᠤ᠂ ᠤᠷᠤᠯᠳᠤᠭᠠᠨ ᠤ ᠪᠥᠬᠦ ᠶᠠᠪᠤᠴᠠ ᠶᠢ ᠬᠢᠴᠢᠶᠡᠯ ᠲᠥᠷᠥᠯ ᠤᠨ ᠪᠠᠭᠰᠢ ᠠᠴᠠ ᠲᠠᠯᠠᠪᠤᠷ ᠬᠤᠪᠢᠶᠠᠨ ᠵᠢᠯᠣᠭᠤᠳᠬᠤ ᠶᠢᠨ ᠬᠠᠮᠲᠤ ︽ᠰᠤᠷᠭᠠᠭᠤᠯᠢ ᠶᠢᠨ ᠬᠦᠷᠢᠶᠡᠨ ᠤ ᠬᠢᠨᠢᠰ ᠤᠨ ᠱᠠᠩᠨᠠᠯ ᠤᠨ ᠪᠢᠴᠢᠭ︾ ᠢ ᠲᠤᠬᠢᠷᠠᠭᠤᠯᠤᠭᠰᠠᠨ ᠪᠠᠶᠢᠨ᠎ᠠ᠃      ᠡᠨᠡ ᠬᠦ ᠤᠷᠤᠯᠳᠤᠭᠠᠨ ᠨᠢ ᠰᠤᠷᠤᠭᠴᠢᠳ ᠤᠨ ᠢᠳᠡᠪᠬᠢᠵᠢᠯ ᠢ ᠳᠠᠶᠢᠴᠢᠯᠠᠵᠤ᠂ ᠲᠡᠳᠡᠨ ᠤ ᠪᠡᠶ᠎ᠡ ᠪᠠᠨ ᠳᠠᠭᠠᠭᠠᠬᠤ ᠪᠠ ᠪᠦᠯᠬᠦᠮᠳᠡᠯ ᠤᠨ ᠵᠣᠷᠢᠭ ᠰᠠᠨᠠᠭ᠎ᠠ ᠶᠢ ᠬᠥᠭᠵᠢᠭᠡᠨ᠂ ᠰᠣᠷᠣᠭᠴᠢ ᠨᠢᠭᠡᠪᠦᠷᠢ ᠶᠢ ᠪᠥᠬᠦ ᠲᠠᠯ᠎ᠠ ᠪᠠᠷ ᠬᠢᠷᠢ ᠲᠡᠩᠴᠡᠭᠰᠡᠨ ᠰᠠᠭᠤᠷᠢᠨ ᠳᠡᠭᠡᠷ᠎ᠡ ᠥᠪᠡᠷ ᠤᠨ ᠥᠪᠡᠷᠮᠢᠴᠡ ᠳᠠᠪᠠᠭᠤᠯᠢᠭ ᠪᠠ ᠣᠨᠴᠠ ᠴᠢᠳᠠᠪᠤᠷᠢ ᠪᠠᠨ ᠢᠯᠡᠷᠡᠭᠦᠯᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠤᠨ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠳᠡᠭᠵᠢᠨ ᠴᠣᠪᠣᠭᠤᠯᠢᠭ ᠠᠭᠤᠷ ᠠᠮᠢᠰᠬᠤᠯ ᠢ ᠢᠳᠡᠪᠬᠢᠲᠡᠶ ᠪᠣᠶ ᠪᠤᠯᠭᠠᠵᠤ ᠪᠠᠶᠢᠨ᠎ᠠ᠃                                                  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ