| ᠣᠶᠢᠷ᠎ᠠ ᠶᠢᠨ ᠡᠳᠦᠷ᠂ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠣᠪᠴᠢᠶ᠎ᠠ ︽ᠡᠵᠡᠨ ᠬᠤᠷᠤᠭ᠎ᠠ ᠬᠠᠮᠠᠭᠠᠯᠠᠯᠳᠠ ᠬᠢᠬᠦ ᠠᠮᠤᠷ ᠮᠡᠨᠳᠦ ᠶᠢᠨ ᠴᠠᠭ︾ ᠢ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠰᠦᠯᠵᠢᠶᠡᠨ ᠭᠠᠳᠠᠨ᠎ᠠ ᠠᠴᠠ | ᠠᠪᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠠᠴᠠ ︽ᠠᠮᠤᠷ ᠮᠡᠨᠳᠦ ᠶᠢᠨ ᠴᠠᠭ︾ ᠭᠠᠷᠳᠠᠭᠰᠠᠳ ᠲᠤ ᠲᠡᠬᠦᠨ ᠤ ᠴᠢᠳᠠᠮᠵᠢ ᠪᠠ ᠬᠡᠷᠡᠭᠯᠡᠬᠦ | ᠠᠷᠭ᠎ᠠ ᠶᠢ ᠨᠠᠷᠢᠨ ᠲᠠᠶᠢᠯᠪᠤᠷᠢᠯᠠᠨ ᠥᠭᠴᠦ ᠪᠠᠶᠢᠯ᠎ᠠ᠃ | ᠣᠶᠢᠯᠠᠭᠠᠭᠰᠠᠨ ᠢᠶᠠᠷ᠂ ︽ᠠᠮᠤᠷ ᠮᠡᠨᠳᠦ ᠶᠢᠨ ᠴᠠᠭ︾ ᠪᠣᠯ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠠᠴᠠ ᠲᠤᠰᠬᠠᠶᠢᠯᠠᠨ ᠨᠠᠰᠤᠲᠠᠶᠢᠴᠤᠳ ᠲᠤ ᠬᠠᠨᠳᠤᠭᠤᠯᠤᠨ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠪᠦᠳᠤᠭᠡᠭᠳᠡᠬᠦᠨ ᠪᠠᠶᠢᠵᠤ᠂ ᠡᠷᠡᠭᠦᠯ | ᠮᠡᠨᠳᠦ ᠶᠢᠨ ᠬᠢᠨᠠᠨ ᠬᠡᠮᠵᠢᠯᠲᠡ᠂ ᠠᠮᠤᠷ ᠲᠦᠪᠰᠢᠨ ᠤ ᠰᠡᠷᠡᠮᠵᠢᠯᠡᠭᠦᠯᠦᠯ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ | ᠭᠠᠷ ᠲᠤ ᠪᠠᠨ ᠵᠡᠭᠦᠬᠦ ᠤᠶᠤᠨᠲᠤ ᠲᠥᠬᠦᠭᠡᠷᠦᠮᠵᠢ ᠪᠣᠯᠤᠨ᠎ᠠ᠂ ᠨᠠᠰᠤᠲᠠᠶᠢᠴᠤᠳ ᠲᠣᠰ ᠬᠡᠯᠪᠡᠷᠢ ᠶᠢᠨ ︽ᠡᠵᠡᠨ ᠬᠤᠷᠤᠭ᠎ᠠ ᠬᠠᠮᠠᠭᠠᠯᠠᠯᠳᠠ ᠬᠢᠬᠦ ᠠᠮᠤᠷ ᠮᠡᠨᠳᠦ ᠶᠢᠨ ᠴᠠᠭ︾ | ᠢ ᠵᠡᠬᠦᠪᠡᠯ᠂ ᠬᠡᠷ ᠤᠨ ᠬᠥᠮᠦᠰ ᠨᠢ ︽ᠢ ᠱᠸᠤ ᠪᠠᠨ︾ ᠤ ᠸᠢᠴᠠᠲ ᠤᠨ ᠵᠢᠵᠢᠭ ᠫᠷᠤᠭ᠍ᠷᠠᠮ ᠠᠴᠠ ᠵᠡᠭᠦᠭᠰᠡᠨ ᠬᠥᠮᠦᠨ ᠤ ᠡᠷᠡᠭᠦᠯ ᠮᠡᠨᠳᠦ ᠶᠢᠨ ᠭᠦᠢᠴᠡᠳᠭᠡᠯ | ᠲᠤᠭ᠎ᠠ ᠶᠢ ᠴᠠᠭ ᠲᠤᠬᠠᠶ ᠳᠤᠨᠢ ᠪᠠᠶᠢᠴᠠᠭᠠᠨ ᠦᠵᠡᠵᠦ ᠪᠤᠯᠬᠤ ᠪᠦᠭᠡᠳ ᠪᠠᠶᠢᠷᠢ ᠲᠣᠭᠲᠠᠭᠠᠯᠲᠠ ᠶᠢᠨ ᠮᠡᠳᠡᠭᠡ ᠵᠠᠩᠭᠢ᠂ ᠡᠮ ᠲᠠᠩ ᠤᠤᠭᠤᠬᠤ ᠰᠠᠨᠠᠭᠤᠯᠤᠮᠵᠢ᠂ ᠤᠰᠤ | ᠤᠤᠭᠤᠬᠤ ᠰᠠᠨᠠᠭᠤᠯᠤᠮᠵᠢ᠂ ᠶᠠᠪᠤᠵᠤ ᠰᠠᠭᠤᠬᠤ ᠶᠢ ᠲᠡᠮᠳᠡᠭᠯᠡᠬᠦ᠂ ᠬᠠᠷᠠᠭᠠᠨ ᠳᠠᠪᠲᠠᠮᠵᠢ ᠪᠠᠷ ᠳ᠋ᠢᠶᠠᠩᠬᠤᠸᠠ ᠨᠡᠪᠲᠡᠷᠡᠬᠦ ᠵᠡᠷᠭᠡ ᠢᠵᠢᠯ ᠠᠯᠬᠤᠮᠳᠤ ᠴᠢᠳᠠᠮᠵᠢ ᠲᠠᠢ ᠪᠠᠶᠢᠵᠤ᠂ | ᠵᠡᠭᠦᠭᠰᠡᠨ ᠬᠥᠮᠦᠨ ᠤ ᠣᠶᠢᠴᠢᠬᠤ᠂ ᠲᠣᠨᠤᠭ ᠲᠥᠬᠦᠭᠡᠷᠦᠮᠵᠢ ᠬᠡᠪ ᠤᠨ ᠪᠤᠰᠤ ᠪᠠᠷ ᠤᠨᠠᠬᠤ ᠵᠡᠷᠭᠡ ᠪᠠᠶᠢᠳᠠᠯ ᠢ ᠣᠶᠤᠨᠴᠢ ᠪᠠᠷ ᠢᠯᠭᠠᠨ ᠲᠠᠨᠢᠵᠤ᠂ ᠬᠡᠷ ᠤᠨ ᠬᠦᠮᠤᠰ | ᠲᠤ SOS ᠰᠡᠷᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠷᠭᠡᠨ ᠥᠭᠴᠦ᠂ ᠠᠯᠤᠰ ᠡᠵᠡᠮᠰᠢᠯ ᠢᠶᠠᠷ ᠬᠠᠷᠠᠵᠤ ᠬᠠᠮᠠᠭᠠᠯᠠᠬᠤ ᠪᠠ ᠲᠥᠷᠥᠯ ᠰᠠᠳᠤᠨ ᠤ | ᠬᠤᠭᠤᠷᠣᠨᠳᠣᠬᠢ ᠬᠠᠷᠢᠯᠴᠠᠭ᠎ᠠ ᠶᠠᠪᠤᠯᠴᠠᠭ᠎ᠠ ᠶᠢ ᠣᠶᠢᠷᠠᠬᠠᠨ ᠪᠤᠯᠭᠠᠵᠤ ᠴᠢᠳᠠᠬᠤ ᠪᠤᠯᠤᠨ᠎ᠠ᠃ | ᠣᠶᠢᠯᠠᠭᠠᠭᠰᠠᠨ ᠢᠶᠠᠷ᠂ ᠠᠩᠬᠠᠨ ᠤ ᠪᠦᠯᠦᠭ ᠤᠨ ᠰᠦᠢᠳᠬᠡᠯ ᠬᠤᠷᠢᠶᠠᠬᠤ ᠥᠬᠡᠶ ᠪᠠᠷ ᠲᠠᠷᠬᠠᠭᠠᠭᠰᠠᠨ ᠲᠤᠭ᠎ᠠ ᠨᠢ 100 ᠪᠤᠯᠵᠤ᠂ ᠲᠤᠰᠴᠤ ᠠᠪᠤᠭᠰᠠᠨ | ᠬᠦᠮᠦᠰ ᠨᠢ ᠴᠦᠮ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠬᠢᠨᠠᠨ ᠬᠠᠷᠭᠤᠭᠤᠯᠤᠭᠰᠠᠨ ᠡᠵᠡᠨ ᠬᠤᠷᠤᠭ᠎ᠠ ᠬᠤᠰᠢᠭᠤᠨ ᠤ ᠪᠦᠬᠦᠯᠢ 70 ᠨᠠᠰᠤᠨ ᠠᠴᠠ | ᠳᠡᠭᠡᠭᠰᠢᠬᠢ ᠪᠠᠶᠢᠩᠭᠤ ᠰᠠᠭᠤᠭ᠎ᠠ ᠰᠠᠭᠤᠭᠠᠯᠢ ᠠᠷᠠᠳ ᠪᠠᠶᠢᠪᠠ᠃ |