ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠡᠰᠦᠲᠡᠨ ᠤ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠢ ᠬᠢᠨᠠᠬᠤ ᠭᠡᠷ ᠤᠨ ᠠᠬᠠᠮᠠᠳ ᠤᠨ ᠵᠥᠪᠯᠡᠯ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/3/25
       ᠰᠤᠷᠭᠠᠭᠤᠯᠢ ᠶᠢᠨ ᠢᠳᠡᠭᠡᠨ ᠤᠮᠳᠠᠭᠠᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠪᠣᠯᠤᠨ ᠭᠡᠷ ᠤᠨ ᠠᠬᠠᠮᠠᠳ ᠤᠨ ᠣᠷᠣᠯᠴᠠᠬᠤ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠡᠰᠦᠲᠡᠨ ᠤ ᠳᠤᠮᠳᠠᠳᠤ ᠰᠤᠷᠭᠠᠭᠤᠯᠢ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠵᠦᠢᠯ ᠳᠤ ᠬᠢᠨᠠᠯᠲᠠ ᠲᠠᠯᠪᠢᠬᠤ ᠭᠡᠷ ᠤᠨ ᠠᠬᠠᠮᠠᠳ ᠤᠨ ᠵᠥᠪᠯᠡᠯ ᠢ ᠪᠠᠶᠢᠭᠤᠯᠪᠠ᠃      ᠭᠡᠷ ᠤᠨ ᠠᠬᠠᠮᠠᠳ ᠤᠨ ᠵᠥᠪᠯᠡᠯ ᠪᠠᠶᠢᠭᠤᠯᠤᠭᠳᠠᠭᠰᠠᠨ ᠨᠢ ᠰᠤᠷᠭᠠᠭᠤᠯᠢ ᠭᠡᠷ ᠤᠨ ᠠᠬᠠᠮᠠᠳ ᠤᠨ ᠨᠡᠪᠲᠡᠷᠡᠯᠴᠡᠭᠡ ᠬᠠᠷᠢᠯᠴᠠᠭ᠎ᠠ ᠶᠢ ᠴᠢᠩᠭᠠᠳᠬᠠᠬᠤ ᠬᠦᠬᠦᠷᠭᠡ ᠬᠤᠯᠪᠤᠭᠠᠰᠣ ᠶᠢᠨ ᠦᠢᠯᠡᠳᠦᠯ ᠲᠠᠢ ᠪᠠᠶᠢᠵᠣ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠳᠤ ᠬᠢᠨᠠᠯᠲᠠ ᠲᠠᠯᠪᠢᠵᠣ᠂ ᠬᠤᠭᠤᠯᠠᠨ ᠭᠡᠷ ᠤᠨ ᠡᠳ᠋ ᠤᠨ ᠶᠠᠪᠤᠳᠠᠯ ᠤᠨ ᠵᠠᠷᠤᠯᠭ᠎ᠠ ᠳᠤ ᠬᠢᠨᠠᠯᠲᠠ ᠲᠠᠯᠪᠢᠬᠤ᠂ ᠢᠳᠡᠭᠡᠨ ᠤ ᠠᠮᠤᠷ ᠲᠦᠪᠰᠢᠨ ᠢ ᠪᠠᠲᠤᠯᠠᠬᠤ ᠵᠢᠴᠢ ᠪᠠᠷᠠᠭ᠎ᠠ ᠬᠠᠩᠭᠠᠬᠤ ᠬᠤᠳᠠᠯᠳᠤᠭᠠᠴᠢᠨ ᠤ ᠳᠠᠭᠠᠭᠠᠴᠢᠯᠠᠯᠲᠠ ᠬᠢᠬᠦ ᠠᠵᠢᠯ ᠳᠤ ᠣᠷᠣᠯᠴᠠᠬᠤ ᠶᠢ ᠪᠠᠭᠲᠠᠭᠠᠭᠰᠠᠨ ᠣᠯᠠᠨ ᠵᠦᠢᠯ ᠤᠨ ᠴᠢᠬᠤᠯᠠ ᠡᠭᠦᠷᠭᠡ ᠬᠠᠷᠢᠭᠤᠴᠠᠯᠭ᠎ᠠ ᠶᠢ ᠡᠬᠦᠷᠭᠡᠯᠡᠨ᠎ᠡ᠃       ᠰᠤᠷᠭᠠᠭᠤᠯᠢ ᠠᠴᠠ ᠰᠤᠷᠭᠠᠭᠤᠯᠢ ᠶᠢᠨ ᠬᠤᠭᠤᠯᠠᠨ ᠭᠡᠷ ᠤᠨ ᠡᠵᠡᠩᠨᠡᠯᠲᠡ ᠶᠢᠨ ᠪᠠᠶᠢᠳᠠᠯ᠂ ᠢᠳᠡᠭᠡᠨ ᠤ ᠵᠦᠢᠯᠡᠰ ᠢ ᠬᠤᠳᠠᠯᠳᠤᠨ ᠠᠪᠬᠤ ᠶᠠᠪᠤᠴᠠ ᠵᠢᠴᠢ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠭᠡᠷ ᠤᠨ ᠠᠬᠠᠮᠠᠳ ᠤᠨ ᠵᠦᠪᠯᠡᠯ ᠳᠤ ᠨᠠᠷᠢᠨ ᠲᠠᠨᠢᠯᠴᠠᠭᠤᠯᠵᠤ᠂ ᠰᠤᠷᠭᠠᠭᠤᠯᠢ ᠶᠢᠨ ᠬᠤᠭᠤᠯᠠᠨ ᠭᠡᠷ ᠨᠢ ᠰᠤᠷᠤᠭᠴᠢᠳ ᠤᠨ ᠡᠷᠡᠭᠦᠯ ᠮᠡᠨᠳᠦ ᠪᠠᠷ ᠲᠥᠪ ᠪᠣᠯᠭᠠᠬᠤ ᠶᠢ ᠢᠮᠠᠭᠲᠠ ᠪᠠᠷᠢᠮᠲᠠᠯᠠᠵᠤ᠂ ᠢᠳᠡᠭᠡᠨ ᠤᠮᠳᠠᠭᠠᠨ ᠤ ᠶᠠᠰᠤ ᠴᠢᠨᠠᠷ ᠢ ᠴᠢᠩᠭ᠎ᠠ ᠡᠵᠡᠮᠳᠡᠵᠦ᠂ ᠬᠤᠭᠤᠯᠠ ᠪᠤᠳᠠᠭ᠎ᠠ ᠪᠣᠯᠭᠠᠨ ᠢ ᠰᠢᠮ᠎ᠡ ᠲᠡᠵᠢᠭᠡᠯ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠳᠤᠯᠠᠵᠤ᠂ ᠬᠤᠭᠤᠯᠠᠨ ᠭᠡᠷ ᠤᠨ ᠡᠳᠦᠷ ᠳᠣᠳᠣᠮ ᠤᠨ ᠠᠵᠢᠯᠯᠠᠬᠤ ᠶᠠᠪᠤᠴᠠ ᠪᠣᠯᠤᠨ ᠨᠣᠭᠤᠭ᠎ᠠ ᠵᠠᠭᠤᠰᠢ ᠶᠢᠨ ᠦᠨᠦᠷ ᠠᠮᠲᠠ ᠶᠢ ᠴᠢᠬᠤᠯᠠᠴᠢᠯᠠᠬᠤ ᠪᠠᠷ ᠪᠠᠷᠠᠬᠤ ᠥᠬᠡᠢ ᠰᠢᠮ᠎ᠡ ᠲᠡᠵᠢᠭᠡᠯ ᠢ ᠵᠣᠬᠢᠴᠠᠭᠤᠯᠬᠤ ᠶᠢ ᠨᠡᠩ ᠴᠢᠬᠤᠯᠠᠴᠢᠯᠠᠵᠤ᠂ ᠰᠤᠷᠤᠭᠴᠢᠳ ᠲᠤ ᠰᠠᠨᠠᠭ᠎ᠠ ᠠᠮᠤᠷ᠂ ᠡᠷᠡᠭᠦᠯ᠂ ᠰᠢᠮ᠎ᠡ ᠲᠡᠵᠢᠭᠡᠯ ᠰᠠᠶᠢᠨ ᠢᠳᠡᠭᠡᠨ ᠤᠮᠳᠠᠭᠠᠨ ᠬᠠᠩᠭᠠᠬᠤ ᠪᠤᠯᠤᠨ᠎ᠠ᠃                                     
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ