| ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ | ᠣᠶᠢᠷ᠎ᠠ ᠶᠢᠨ ᠡᠳᠦᠷ᠂ ᠡᠵᠡᠨ ᠬᠤᠷᠤᠭ᠎ᠠ ᠬᠤᠰᠢᠭᠤᠨ ᠤ ᠠᠯᠲᠠᠨᠰᠢᠷᠡᠭᠡᠲᠤ ᠪᠠᠯᠭᠠᠰᠤ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠵᠤ ᠬᠥᠮᠦᠰ ᠤᠨ ᠣᠷᠣᠰᠢᠨ | ᠰᠠᠭᠤᠬᠤ ᠣᠷᠴᠢᠨ ᠠᠬᠤᠶ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠷᠴᠢᠨ ᠠᠬᠤᠶ ᠶᠢᠨ ᠳᠦᠷᠰᠦ ᠪᠠᠶᠢᠳᠠᠯ ᠢ ︽ᠲᠠᠰ ᠳᠡᠪᠰᠢᠭᠦᠯᠬᠦ | ︾ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃ ᠡᠯ᠎ᠡ ᠲᠣᠰᠬᠤᠨ ᠤ ᠬᠢᠨ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠷᠢᠶᠠᠯᠠᠭ᠎ᠠ ᠶᠢ | ᠢᠳᠡᠪᠬᠢᠲᠡᠢ ᠴᠤᠤᠷᠢᠶᠠᠲᠤᠨ ᠳᠠᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠭᠤᠣᠯ | ᠵᠠᠮ ᠱᠤᠭᠤᠮ ᠤᠨ ᠬᠤᠶᠠᠷ ᠲᠠᠯ᠎ᠠ᠂ ᠴᠠᠭᠠᠨ ᠥᠩᠭᠡᠲᠦ ᠬᠤᠭ ᠨᠣᠪᠰᠢ ᠶᠢ ᠭᠤᠣᠯᠳᠠᠯᠭ᠎ᠠ ᠲᠠᠢ ᠲᠥᠪᠯᠡᠷᠡᠭᠦᠯᠦᠨ ᠴᠡᠪᠡᠷᠯᠡᠵᠦ᠂ ᠴᠡᠪᠡᠷ ᠴᠡᠮᠴᠡᠭᠡᠷ ᠪᠥᠭᠡᠳ | ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠠᠶᠢᠭᠤᠯᠬᠤ ᠳᠤ ᠬᠦᠴᠤᠨ ᠨᠡᠮᠡᠷᠢᠯᠡᠪᠡ᠃ | ᠠᠵᠢᠯᠯᠠᠭ᠎ᠠ ᠪᠠᠷ 6000 ᠲᠣᠨ ᠬᠤᠭ ᠨᠣᠪᠰᠢ ᠶᠢ ᠴᠡᠪᠡᠷᠯᠡᠨ᠂ ᠬᠠᠷᠢᠶᠠᠲᠤ ᠣᠷᠣᠨ ᠤ ᠭᠤᠣᠯ ᠵᠠᠮ ᠳᠤ ᠠᠩᠬᠠᠷᠤᠯ ᠢᠶᠠᠨ ᠲᠥᠪᠯᠡᠷᠡᠭᠦᠯᠦᠨ ᠴᠡᠪᠡᠷᠯᠡᠭᠡ ᠬᠢᠵᠦ᠂ | ᠠᠮᠢᠳᠤᠷᠠᠯ ᠤᠨ ᠬᠤᠭ ᠨᠣᠪᠰᠢ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠦᠵᠡᠭᠳᠡᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ | ︽ᠮᠧᠬᠠᠨᠢᠭ + ᠬᠥᠮᠦᠨ ᠤ ᠬᠦᠴᠦ︾ ᠶᠢᠨ ᠠᠷᠭ᠎ᠠ ᠬᠡᠯᠪᠡᠷᠢ ᠶᠢ ᠠᠪᠴᠤ᠂ ᠭᠤᠣᠯᠳᠠᠯᠭ᠎ᠠ ᠲᠠᠢ ᠣᠷᠣᠨ ᠪᠦᠰᠡ ᠶᠢ ᠪᠦᠬᠦ ᠲᠠᠯ᠎ᠠ ᠪᠠᠷ ᠴᠡᠭᠴᠡᠯᠡᠨ ᠵᠠᠰᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠠᠯᠲᠠᠨᠰᠢᠷᠡᠭᠡᠲᠦ ᠪᠠᠯᠭᠠᠰᠤ ᠶᠢᠨ ᠬᠢᠨ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ ᠪᠠᠷ ᠦᠷᠭᠦᠯᠵᠢᠯᠡᠨ ᠠᠬᠢᠭᠤᠯᠵᠤ᠂ ᠬᠠᠷᠢᠶ᠎ᠠ ᠣᠷᠣᠨ ᠤ ᠰᠠᠭᠤᠭᠠᠯᠢ | ᠠᠷᠠᠳ ᠲᠤ ᠨᠡᠩ ᠠᠷᠢᠭᠤᠨ ᠴᠡᠪᠡᠷ᠂ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠪᠠᠷ ᠪᠠᠶᠢᠨ᠎ᠠ᠃ | |