ᠴᠢᠶᠣᠤ ᠰᠢᠶᠤᠤ ᠵᠢᠶᠦ᠋ᠨ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/3/26
       3 ᠳ᠋ᠤᠭᠠᠷ ᠰᠠᠷ᠎ᠠ ᠶᠢᠨ 25᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠵᠦ᠂ ᠤᠳᠤᠷᠢᠳᠬᠤ ᠪᠠᠭ ᠤᠨ ᠪᠦᠷᠢᠯᠳᠦᠬᠦᠨ ᠲᠠᠢ ᠶᠠᠷᠢᠯᠴᠠᠬᠤ ᠬᠤᠷᠠᠯ ᠬᠢᠵᠦ᠂ ᠪᠥᠬᠦ ᠬᠤᠰᠢᠭᠤᠨ ᠤ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠲᠤᠷ᠎ᠠ ᠪᠠᠷ︾ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠬᠢᠨᠠᠨ ᠵᠢᠯᠣᠭᠤᠳᠪᠠ᠃       ᠴᠢᠶᠣᠤ ᠰᠢᠶᠤᠤ ᠵᠢᠶᠦ᠋ᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ ᠤᠯᠤᠰ ᠲᠦᠷᠦ ᠶᠢᠨ ᠵᠣᠭᠰᠣᠴᠠ ᠎ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠲᠤᠷ᠎ᠠ ᠪᠠᠷ︾ ᠠᠰᠠᠭᠤᠳᠠᠯ ᠢ ᠴᠡᠭᠴᠡᠯᠡᠨ ᠵᠠᠰᠠᠬᠤ ᠶᠢᠨ ᠴᠢᠬᠤᠯᠠ ᠴᠢᠨᠠᠷ ᠪᠠ  ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ ᠢᠶᠠᠷ᠂ ᠤᠳᠤᠷᠢᠳᠬᠤ ᠪᠠᠭ ᠤᠨ ᠪᠦᠷᠢᠯᠳᠦᠬᠦᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠨᠢᠭᠡᠴᠢ ᠶᠢᠨ ᠺᠠᠳ᠋ᠷᠴᠤᠳ ᠪᠦᠭᠦᠳᠡᠭᠡᠷ ᠢᠶᠠᠨ ᠬᠥᠳᠡᠯᠦᠯᠴᠡᠵᠦ᠂ ᠵᠣᠷᠢᠭ ᠰᠢᠭᠤᠳᠤᠨ ᠠᠰᠠᠭᠤᠳᠠᠯ ᠢ ᠦᠨᠡᠨ ᠬᠦ ᠴᠡᠭᠴᠡᠯᠡᠨ ᠰᠠᠶᠢᠵᠢᠷᠠᠭᠤᠯᠵᠤ᠂ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠳᠠᠭᠠᠭᠤᠯᠢ ᠤᠳᠤ ᠪᠠᠷ ᠪᠠᠶᠢᠴᠠᠭᠠᠬᠤ ᠵᠢᠴᠢ ᠥᠪᠡᠷ ᠢᠶᠠᠨ ᠪᠠᠶᠢᠴᠠᠭᠠᠵᠤ ᠢᠯᠡᠷᠡᠭᠦᠯᠦᠭᠰᠡᠨ ᠡᠯ᠎ᠡ ᠲᠦᠷᠦᠯ ᠤᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠦᠷᠦᠯ ᠬᠤᠪᠢᠶᠠᠨ ᠲᠣᠭᠲᠠᠭᠠᠵᠤ᠂ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠪᠣᠯᠤᠨ ᠬᠠᠷᠢᠭᠤᠴᠠᠯᠭᠠᠲᠠᠨ ᠢ ᠨᠢᠭᠡᠳ ᠨᠢᠭᠡ ᠪᠠᠷ ᠲᠣᠳᠣᠷᠬᠠᠶᠢᠯᠠᠵᠤ᠂ ᠠᠰᠠᠭᠤᠳᠠᠯ ᠢ ᠪᠦᠬᠦᠨ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾᠎ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠤᠨ᠂ ᠤᠰᠤ ᠠᠷᠪᠢᠯᠠᠬᠤ ᠠᠵᠢᠯᠯᠠᠭ᠎ᠠ ᠥᠷᠨᠢᠭᠦᠯᠬᠦ ᠪᠠ ᠲᠦᠬᠦᠭᠡᠷᠤᠮᠵᠢᠳᠤ ᠲᠠᠷᠢᠶᠠᠯᠠᠩ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠠᠮᠢᠶᠠᠷᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠨᠳᠥᠷ ᠪᠦᠲᠦᠮᠵᠢᠲᠡᠶ ᠵᠠᠰᠠᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃       ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠢ ᠬᠤᠩ ᠮᠧᠶ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ