ᠡᠵᠡᠨ ᠬᠤᠷᠤᠭ᠎ᠠ ᠬᠤᠰᠢᠭᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠰᠣᠷᠢᠯᠲᠠ ᠳᠤ ᠣᠷᠣᠯᠴᠠᠪᠠ
ᠨᠡᠶᠢᠲᠡᠯᠡᠭᠰᠡᠨ ᠴᠠᠭ᠄
2025/3/26
      3 ᠳ᠋ᠤᠭᠠᠷ ᠰᠠᠷ᠎ᠠ ᠶᠢᠨ 25᠎ ᠤ ᠡᠳᠦᠷ᠂ ᠣᠷᠳᠣᠰ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ 2025 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠣᠳᠠᠲᠤ ᠰᠣᠷᠢᠯᠲᠠ ᠥᠷᠨᠢᠭᠦᠯᠵᠦ᠂ ᠡᠵᠡᠨ ᠬᠤᠷᠤᠭ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠴᠠᠭᠳᠠᠨ ᠬᠠᠮᠠᠭᠠᠯᠠᠬᠤ ᠲᠥᠪ ᠰᠣᠷᠢᠯᠲᠠ ᠳᠤ ᠣᠷᠣᠯᠴᠠᠪᠠ᠃      ᠲᠣᠰ ᠤᠳᠠᠭᠠᠨ ᠤ ᠰᠣᠷᠢᠯᠲᠠ ᠶᠢ ᠡᠵᠡᠨ ᠬᠤᠷᠤᠭ᠎ᠠ ᠬᠤᠰᠢᠭᠤ᠂ ᠳ᠋ᠦᠩᠱᠧᠩ ᠲᠣᠭᠤᠷᠢᠭ᠂ ᠵᠡᠭᠦᠨᠭᠠᠷ ᠬᠤᠰᠢᠭᠤ ᠵᠡᠷᠭᠡ 8 ᠬᠤᠰᠢᠭᠤ ᠲᠣᠭᠤᠷᠢᠭ ᠤᠨ 150 ᠭᠠᠷᠤᠶ ᠭᠠᠯ ᠤᠨᠲᠠᠷᠠᠭᠠᠬᠤ ᠠᠩᠭᠢ ᠶᠢᠨ ᠭᠡᠰᠢᠭᠦᠨ ᠵᠢᠴᠢ ᠣᠷᠣᠨ ᠪᠦᠰᠡ ᠠᠯᠤᠰᠯᠠᠨ ᠲᠤᠰᠠᠯᠠᠬᠤ ᠠᠩᠭᠢ ᠬᠠᠮᠲᠤ ᠪᠠᠷ ᠪᠡᠶᠡᠯᠡᠭᠦᠯᠪᠡ᠃      ᠰᠣᠷᠢᠯᠲᠠ ᠨᠢ ︽ᠪᠦᠬᠦ ᠬᠡᠯᠬᠢᠶᠡᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ᠂ ᠤᠯᠠᠨ ᠡᠩᠨᠡᠭᠡ ᠬᠠᠮᠵᠢᠯᠴᠠᠨ ᠪᠠᠶᠢᠯᠳᠤᠬᠤ︾᠎ ᠪᠠᠷ ᠬᠠᠷᠠᠯᠲᠠ ᠪᠣᠯᠭᠠᠵᠤ᠂ ᠭᠠᠯ ᠭᠠᠷᠤᠭᠰᠠᠨ ᠭᠠᠵᠠᠷ ᠠᠴᠠ ᠠᠮᠢ ᠵᠢᠭᠤᠲᠠᠬᠤ᠂ ᠬᠡᠪᠴᠢᠶ᠎ᠡ ᠪᠠᠷ ᠶᠡᠭᠡ ᠪᠤᠶᠤ ᠪᠠᠭ᠎ᠠ ᠣᠢ ᠰᠢᠭᠤᠢ ᠳᠤ ᠭᠡᠨᠡᠳᠲᠡ ᠡᠭᠦᠰᠦᠭᠰᠡᠨ ᠭᠠᠯ ᠢ ᠤᠨᠲᠠᠷᠠᠭᠠᠬᠤ ᠭᠤᠷᠪᠠᠨ ᠶᠡᠭᠡ ᠰᠣᠷᠢᠯᠲᠠ ᠤᠨ ᠲᠦᠷᠦᠯ ᠲᠤᠬᠢᠷᠠᠭᠤᠯᠵᠤ᠂ ᠭᠠᠯ ᠤᠨᠲᠠᠷᠠᠭᠠᠬᠤ ᠡᠩᠨᠡᠭᠡ ᠶᠢᠨ ᠲᠦᠷᠭᠡᠨ ᠲᠤᠰᠬᠠᠬᠤ᠂ ᠬᠠᠮᠵᠢᠯᠴᠠᠨ ᠪᠠᠶᠢᠯᠳᠤᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠨᠤᠭ ᠢ ᠬᠡᠷᠡᠭᠯᠡᠬᠦ ᠴᠢᠳᠠᠪᠤᠷᠢ ᠶᠢ ᠪᠥᠬᠦ ᠲᠠᠯ᠎ᠠ ᠪᠠᠷ ᠰᠢᠯᠭᠠᠨ ᠪᠠᠶᠢᠴᠠᠭᠠᠵᠤ᠂ ︽ᠠᠭᠠᠷ ᠪᠠ ᠭᠠᠵᠠᠷ ᠳᠡᠭᠡᠷ᠎ᠡ᠂ ᠬᠥᠮᠦᠨ ᠪᠠ ᠮᠠᠰᠢᠨ ᠬᠠᠮᠲᠤᠷᠠᠨ ᠬᠥᠳᠡᠯᠦᠯᠴᠡᠬᠦ︾ ᠣᠳᠣᠬᠢᠴᠢᠯᠠᠭᠰᠠᠨ ᠲᠦᠢᠮᠡᠷ ᠤᠨᠲᠠᠷᠠᠭᠠᠬᠤ ᠵᠠᠭᠪᠤᠷ ᠢ ᠢᠯᠡᠷᠡᠭᠦᠯᠪᠡ᠃       ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠰᠠᠭᠤᠷᠢ ᠳᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠭᠠᠯ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠰᠢᠯᠢᠳᠡᠭᠵᠢᠭᠦᠯᠦᠨ᠂ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠪᠠᠲᠤᠯᠠᠭ᠎ᠠ ᠬᠠᠩᠭᠠᠬᠤ ᠪᠠᠷ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ