| ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠠᠯᠳᠠᠨᠰᠢᠷᠡᠭᠡ | ᠪᠠᠯᠭᠠᠰᠤ ︽ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠬᠡᠢ ᠪᠠᠷ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠵᠤ᠂ ︽ᠲᠠᠪᠤᠨ ᠶᠡᠭᠡ ᠠᠷᠭ᠎ᠠ ᠬᠡᠮᠵᠢᠶ᠎ᠡ︾ | ᠪᠠᠷ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠪᠣᠯᠤᠨ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠪᠠᠷ︾ ︵ | ᠳᠤᠷ᠎ᠠ ᠪᠠᠷ ᠡᠵᠡᠯᠡᠬᠦ᠂ ᠳᠤᠷ᠎ᠠ ᠪᠠᠷ ᠮᠠᠯᠲᠠᠬᠤ᠂ ᠳᠤᠷ᠎ᠠ ᠪᠠᠷ ᠤᠪᠤᠭᠠᠯᠠᠬᠤ᠂ ᠳᠤᠷ᠎ᠠ ᠪᠠᠷ ᠪᠠᠶᠢᠭᠤᠯᠬᠤ︶ ᠢ ᠴᠡᠭᠴᠡᠯᠡᠨ ᠵᠠᠰᠠᠬᠤ ᠶᠢ ᠰᠢᠰᠲ᠋ᠧᠮ ᠲᠠᠢ ᠠᠬᠢᠭᠤᠯᠵᠤ᠂ ᠤᠯᠠᠨ | ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠪᠣᠯᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠤᠬᠠᠭᠤᠯᠵᠤ ᠬᠥᠲᠥᠯᠥᠨ ᠵᠢᠯᠤᠭᠤᠳᠬᠤ ᠲᠣᠭᠲᠠᠴᠠ ᠶᠢᠨ ᠰᠢᠨ᠎ᠡ ᠶᠢ ᠡᠬᠦᠳᠪᠡ᠃ ︽ᠪᠣᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ︾ ᠲᠤ ᠬᠤᠪᠢ | ᠬᠤᠷᠠᠮᠳᠤᠭᠤᠯᠵᠤ ᠡᠳ᠋ ᠪᠤᠳᠠᠰ ᠰᠣᠯᠢᠬᠤ ᠲᠦᠷᠢᠮ ᠢ ᠭᠡᠷᠡᠭᠵᠢᠬᠦᠯᠬᠦ ᠪᠠᠷ ᠲᠠᠮᠵᠢᠭᠤᠯᠤᠨ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠤᠯᠪᠠᠰᠤᠨ ᠪᠤᠰᠤ ᠵᠠᠩ | ᠳᠠᠳᠬᠠᠯ ᠢ ᠥᠭᠡᠷᠡᠴᠢᠯᠡᠬᠦ ᠵᠡᠷᠭᠡ ᠦᠢᠯᠡ ᠠᠵᠢᠯᠯᠠᠭ᠎ᠠ ᠶᠢ ᠴᠤ ᠬᠤᠪᠢ ᠬᠤᠷᠠᠮᠳᠤᠭᠤᠯᠵᠤ ᠬᠠᠮᠢᠶᠠᠷᠬᠤ ᠳᠤ ᠤᠷᠤᠭᠤᠯᠵᠤ᠂ ᠣᠯᠠᠨ ᠲᠦᠮᠡᠨ ᠤ ᠤᠷᠤᠯᠴᠠᠬᠤ | ᠢᠳᠡᠪᠬᠢᠵᠢᠯ ᠢ ᠲᠠᠶᠢᠴᠢᠯᠠᠵᠤ ᠴᠢᠳᠠᠪᠠ᠃ ᠡᠬᠦᠨ ᠤ ᠬᠠᠮᠲᠤ ᠤᠬᠠᠭᠤᠯᠭ᠎ᠠ ᠶᠢᠨ ᠪᠤᠯᠤᠩ᠂ ᠸᠢᠴᠠᠲ ᠬᠤᠯᠪᠤᠭ᠎ᠠ ᠶᠢ ᠠᠰᠢᠭᠯᠠᠨ ︽ᠤᠯᠠᠭᠠᠨ ᠬᠠᠷ᠎ᠠ ᠨᠡᠷᠡᠰ ᠤᠨ | ᠵᠢᠭᠰᠠᠭᠠᠯᠲᠠ︾ ᠭᠠᠷᠭᠠᠨ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠠᠷᠪᠢᠴᠢ ᠭᠠᠮᠲᠠᠢ ᠶᠢ ᠤᠯᠠᠭᠠᠨ ᠨᠡᠷᠡᠰ ᠤᠨ ᠵᠢᠭᠰᠠᠭᠠᠯᠲᠠ᠂ ᠪᠦᠷᠢᠯᠭᠡᠨ ᠰᠦᠢᠳᠬᠡᠭᠰᠡᠨ ᠢ | ᠬᠠᠷ᠎ᠠ ᠨᠡᠷᠡᠰ ᠤᠨ ᠵᠢᠭᠰᠠᠭᠠᠯᠲᠠ ᠳᠤ ᠤᠷᠤᠭᠤᠯᠬᠤ ᠶᠢ ᠬᠠᠮᠳᠤ ᠳᠤᠨᠢ ᠶᠠᠪᠤᠭᠳᠠᠭᠤᠯᠬᠤ ᠵᠠᠰᠠᠯᠲᠠ ᠶᠢᠨ ᠭᠡᠯᠪᠡᠷᠢ ᠶᠢ ᠪᠦᠷᠢᠯᠳᠦᠭᠦᠯᠦᠭᠰᠡᠨ ᠪᠠᠶᠢᠨ᠎ᠠ᠃ | ᠬᠤᠭ ᠨᠣᠪᠰᠢ ᠰᠢᠢᠳᠪᠦᠷᠢᠯᠡᠬᠦ ᠰᠢᠰᠲ᠋ᠧᠮ ᠢ ᠲᠡᠬᠦᠯᠳᠡᠷᠵᠢᠬᠦᠯᠪᠡ᠃ ᠡᠯ᠎ᠡ ᠲᠣᠰᠬᠤᠨ ᠳᠤ ᠪᠠᠷᠢᠮᠵᠢᠶᠠᠵᠢᠭᠤᠯᠤᠭᠰᠠᠨ ᠬᠤᠭ ᠤᠨ ᠬᠠᠶᠢᠷᠴᠠᠭ ᠲᠣᠬᠢᠷᠠᠭᠤᠯᠵᠤ᠂ | ᠲᠤᠰᠬᠠᠶ ᠲᠡᠷᠭᠡ ᠤᠨᠤᠭ᠎ᠠ ᠭᠠᠷᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠨᠢᠭᠡᠳᠦᠯᠲᠡᠶ ᠴᠡᠪᠡᠷᠯᠡᠨ ᠲᠡᠭᠡᠭᠡᠪᠦᠷᠢᠯᠡᠵᠦ᠂ ᠠᠮᠢᠳᠤᠷᠠᠯ ᠤᠨ ᠬᠤᠭ | ᠨᠣᠪᠰᠢ ᠶᠢ ᠲᠣᠰ ᠡᠳᠦᠷ ᠲᠤ ᠨᠢ ᠴᠡᠪᠡᠷᠯᠡᠬᠦ ᠶᠢ ᠪᠡᠶᠡᠯᠡᠭᠦᠯᠬᠦ ᠶᠢᠨ ᠬᠠᠮᠲᠤ ᠪᠣᠬᠢᠷ ᠤᠰᠤ ᠶᠢ ᠳᠤᠷ᠎ᠠ ᠪᠠᠷ ᠢᠶᠠᠨ ᠠᠰᠬᠠᠬᠤ᠂ ᠡᠰᠢ ᠰᠦᠷᠡᠯ ᠢ ᠰᠢᠲᠠᠭᠠᠬᠤ ᠵᠡᠷᠭᠡ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠴᠡᠭᠴᠡᠯᠡᠭᠰᠡᠨ ᠪᠠᠶᠢᠨ᠎ᠠ᠃ | ᠬᠢᠨᠠᠯᠲᠠ ᠬᠠᠮᠢᠶᠠᠷᠤᠯᠲᠠ ᠬᠢᠭᠡᠳ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠪᠠ᠃ ᠬᠠᠮᠲᠤᠷᠠᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠤᠨ | ᠪᠠᠶᠢᠩᠭᠤ ᠲᠣᠭᠤᠷᠢᠨ ᠪᠠᠶᠢᠴᠠᠭᠠᠯᠲᠠ ᠬᠢᠵᠦ᠂ ᠨᠡᠷᠡᠨ ᠡᠨᠧᠷᠭᠢ ᠪᠠᠷ ᠠᠵᠢᠯᠯᠠᠳᠠᠭ ᠬᠢᠨᠠᠨ ᠡᠵᠡᠮᠳᠡᠬᠦ ᠰᠢᠰᠲ᠋ᠧᠮ ᠤᠭᠰᠠᠷᠠᠵᠤ᠂ ᠳᠤᠷ᠎ᠠ ᠪᠠᠷ ᠬᠤᠭ ᠬᠠᠶᠠᠭᠰᠠᠳ ᠲᠤ | ᠣᠨᠣᠪᠴᠢᠲᠠᠢ ᠪᠠᠷ ᠴᠣᠬᠢᠯᠲᠠ ᠥᠭᠴᠡᠢ᠃ 2024 ᠣᠨ ᠳᠤ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠳᠤᠷ᠎ᠠ ᠪᠠᠷ︾ ᠤᠨ ᠵᠢᠷᠤᠭ ᠲᠣᠯᠪᠤ ᠶᠢ ᠨᠡᠶᠢᠲᠡ | 60 ᠭᠠᠷᠤᠶ ᠴᠡᠭᠴᠡᠯᠡᠨ ᠵᠠᠰᠠᠵᠤ᠂ 532 ᠣᠶ ᠰᠢᠭᠤᠶ ᠡᠪᠡᠰᠦ ᠪᠡᠯᠴᠢᠭᠡᠷ ᠤᠨ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠪᠠ᠃ | ᠵᠣᠷᠯᠣᠩ ᠤᠨ ᠥᠭᠡᠷᠡᠴᠢᠯᠡᠯᠲᠡ ᠪᠠ ᠠᠮᠢ ᠠᠬᠤᠢ ᠶᠢᠨ ᠵᠠᠰᠠᠯᠲᠠ ᠶᠢ ᠬᠦᠨᠵᠡᠭᠡᠶᠢᠷᠡᠬᠦᠯᠪᠡ᠃ ᠬᠥᠳᠡᠭᠡ ᠲᠣᠰᠬᠤᠨ ᠳᠤ ᠵᠣᠷᠯᠤᠩ ᠢ ᠲᠥᠭᠡᠮᠡᠯᠵᠢᠭᠦᠯᠵᠦ᠂ ᠭᠤᠤᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠭᠤᠤᠯ ᠮᠥᠷᠡᠨ ᠤ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ | ᠬᠠᠮᠵᠢᠯᠴᠠᠬᠤ ᠲᠣᠭᠲᠠᠴᠠ ᠪᠠᠷ ᠳᠠᠮᠵᠢᠭᠤᠯᠤᠨ᠂ ︽ᠭᠤᠤᠯ ᠨᠢ ᠴᠡᠩᠬᠡᠭ᠂ ᠡᠷᠭᠢ ᠨᠢ ᠨᠣᠭᠤᠭᠠᠨ᠂ ᠦᠵᠡᠮᠵᠢ ᠨᠢ ᠭᠤᠶᠣ᠂ ᠬᠥᠮᠦᠨ ᠨᠢ ᠨᠠᠶᠢᠷᠠᠮᠳᠠᠭᠤ︾ ᠵᠣᠯ ᠵᠢᠷᠭᠠᠯᠲᠤ | ᠣᠷᠴᠢᠨ ᠲᠤᠭᠤᠷᠢᠨ ᠢ ᠪᠤᠢ ᠪᠤᠯᠭᠠᠭᠰᠠᠨ ᠪᠠᠶᠢᠨ᠎ᠠ᠃ | ᠤᠷᠲᠤ ᠬᠤᠭᠤᠴᠠᠭᠠᠨ ᠤ ᠪᠦᠲᠦᠮᠵᠢᠲᠡᠢ ᠵᠠᠰᠠᠯᠲᠠ ᠶᠢᠨ ᠲᠣᠭᠲᠠᠴᠠ ᠶᠢ ᠪᠠᠶᠢᠭᠤᠯᠵᠠᠢ᠃ ᠣᠷᠴᠢᠨ ᠠᠬᠤᠢ ᠶᠢ ᠴᠡᠭᠴᠡᠯᠡᠨ ᠵᠠᠰᠠᠬᠤ ᠲᠤᠤᠷᠴᠢᠯᠠᠭᠰᠠᠨ | ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠣᠷᠴᠢᠨ ᠠᠬᠤᠢ ᠶᠢ ᠴᠡᠭᠴᠡᠯᠡᠨ ᠵᠠᠰᠠᠬᠤ ᠠᠵᠢᠯ ᠢ 23 ᠤᠳᠠᠭ᠎ᠠ ᠥᠷᠨᠢᠭᠦᠯᠪᠡ᠃ ︽ᠨᠢᠭᠡᠳᠦᠭᠡᠷ ᠹᠷᠣᠨᠲ ᠤᠨ | ᠠᠵᠢᠯ ᠤᠨ ᠠᠷᠭ᠎ᠠ︾ ᠶᠢ ᠬᠡᠷᠡᠭᠵᠢᠭᠦᠯᠵᠦ᠂ ᠪᠠᠯᠭᠠᠰᠤᠨ ᠤ ᠤᠳᠤᠷᠢᠳᠤᠯᠭ᠎ᠠ ᠭᠤᠤᠯᠳᠠᠯᠭ᠎ᠠ ᠲᠠᠢ ᠬᠦᠴᠢᠷᠲᠡᠶ ᠣᠷᠣᠨ ᠪᠦᠰᠡ ᠶᠢ ᠳᠠᠭᠠᠭᠠᠴᠢᠯᠠᠨ ᠬᠠᠷᠢᠯᠴᠠᠵᠤ᠂ | ᠠᠰᠠᠭᠤᠳᠠᠯ ᠢ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠪᠠᠲᠤᠯᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠠᠯᠳᠠᠨᠰᠢᠷᠡᠭᠡ ᠪᠠᠯᠭᠠᠰᠤ ᠬᠤᠲᠠ ᠶᠢᠨ ᠲᠡᠭᠦᠷᠭᠡ ᠶᠢᠨ ᠠᠭᠤᠯᠵᠠᠷ ᠬᠡᠰᠡᠭ ᠤᠨ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ︽ᠪᠠᠯᠭᠠᠰᠤ ᠲᠣᠰᠬᠤᠨ ᠳᠤᠭᠤᠶᠢᠯᠠᠩ︾ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ︽ᠠᠮᠢ ᠠᠬᠤᠶ + ᠰᠣᠶᠣᠯ | ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠬᠠᠶᠢᠨ ᠰᠦᠪᠡᠭᠴᠢᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠪᠠᠶᠢᠨ᠎ᠠ᠃ | | | | |