ᠡᠵᠡᠨ ᠬᠤᠷᠤᠭ᠎ᠠ ᠬᠤᠰᠢᠭᠤᠨ ᠤ ᠶᠡᠷᠦᠩᠬᠡᠶᠢᠯᠡᠭᠰᠡᠨ ᠮᠣᠩᠭᠤᠯ ᠡᠮᠨᠡᠯᠭᠡ ᠶᠢᠨ ᠬᠤᠷᠢᠶ᠎ᠠ ᠵᠢᠷᠮᠦᠰᠦᠨ ᠬᠤᠭᠤᠴᠠᠭᠠᠨ ᠤ ᠡᠮᠡᠭᠳᠡᠶᠢᠴᠦᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠲᠠᠯ᠎ᠠ ᠪᠠᠷ ᠠᠰᠠᠭᠤᠨ ᠯᠠᠪᠯᠠᠬᠤ ᠡᠭᠦᠳᠡᠨ ᠡᠮᠨᠡᠯᠭᠡ ᠲᠣᠬᠢᠷᠠᠭᠤᠯᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2025/3/26
       ᠡᠵᠡᠨ ᠬᠤᠷᠤᠭ᠎ᠠ ᠬᠤᠰᠢᠭᠤᠨ ᠤ ᠶᠡᠷᠦᠩᠬᠡᠶᠢᠯᠡᠭᠰᠡᠨ ᠮᠣᠩᠭᠤᠯ ᠡᠮᠨᠡᠯᠭᠡ ᠶᠢᠨ ᠬᠤᠷᠢᠶ᠎ᠠ ᠵᠢᠷᠮᠦᠰᠦᠨ ᠬᠤᠭᠤᠴᠠᠭᠠᠨ ᠤ ᠡᠮᠡᠭᠳᠡᠶᠢᠴᠦᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠳᠤ ᠴᠢᠭᠯᠡᠭᠦᠯᠦᠨ᠂ ᠵᠢᠷᠮᠦᠰᠦᠨ ᠡᠮᠡᠭᠲᠡᠶ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠨ ᠯᠠᠪᠯᠠᠬᠤ ᠡᠭᠦᠳᠡᠨ ᠡᠮᠨᠡᠯᠭᠡ ᠶᠢ ᠣᠨᠴᠠᠭᠠᠶᠢᠯᠠᠨ ᠨᠡᠭᠡᠭᠡᠵᠦ᠂ ᠡᠭᠦᠳᠡᠨ ᠡᠮᠨᠡᠯᠭᠡ ᠳᠤ ᠺᠠᠷᠲ ᠪᠠᠶᠢᠭᠤᠯᠤᠭᠰᠠᠨ ᠵᠢᠷᠮᠦᠰᠦᠨ ᠡᠮᠡᠭᠲᠡᠶ ᠶᠢᠨ ᠵᠢᠷᠮᠤᠰᠤᠨ ᠬᠤᠭᠤᠴᠠᠭᠠᠨ ᠳᠠᠬᠢ ᠰᠡᠳᠬᠢᠴᠡ ᠶᠢᠨ ᠡᠷᠡᠭᠦᠯ ᠮᠡᠨᠳᠦ ᠶᠢ ᠪᠥᠬᠦ ᠲᠠᠯ᠎ᠠ ᠪᠠᠷ ᠠᠩᠬᠠᠷᠤᠨ᠂ ᠰᠡᠳᠬᠢᠯ ᠤᠨ ᠳᠠᠷᠤᠭᠠᠰᠤ ᠲᠠᠢ᠂ ᠭᠠᠩᠰᠠᠷᠠᠬᠤ᠂ ᠵᠣᠪᠠᠨᠢᠬᠤ ᠵᠡᠷᠭᠡ ᠡᠪᠡᠳᠴᠢᠨ ᠤ ᠲᠠᠯ᠎ᠠ ᠳᠤ ᠰᠦᠢᠳᠬᠡᠯ ᠬᠤᠷᠢᠶᠠᠬᠤ ᠥᠬᠡᠶ ᠪᠠᠷ ᠰᠢᠯᠭᠠᠨ ᠦᠨᠡᠯᠡᠯᠳᠡ ᠬᠢᠬᠦ ᠠᠵᠢᠯᠯᠠᠭ᠎ᠠ ᠶᠢ ᠥᠷᠨᠢᠭᠦᠯᠬᠦ ᠪᠤᠯᠤᠭᠰᠠᠨ ᠪᠠᠶᠢᠨ᠎ᠠ᠃         ᠣᠶᠢᠯᠠᠭᠠᠭᠰᠠᠨ ᠢᠶᠠᠷ᠂ ᠡᠭᠦᠳᠡᠨ ᠡᠮᠨᠡᠯᠭᠡ  ᠨᠢ ᠡᠮᠨᠡᠯᠭᠡ ᠶᠢᠨ ᠬᠤᠷᠢᠶᠠᠨ ᠤ ᠬᠤᠶᠠᠳᠤᠭᠠᠷ ᠳᠠᠪᠬᠤᠷᠭ᠎ᠠ ᠶᠢᠨ ᠪᠡᠶ᠎ᠡ ᠰᠡᠳᠬᠢᠯ ᠠᠨᠠᠭᠠᠬᠤ ᠤᠬᠠᠭᠠᠨ ᠤ ᠰᠠᠯᠠᠭᠠᠨ ᠳᠤ ᠪᠠᠶᠢᠵᠤ᠂ ᠭᠠᠷᠠᠭ ᠪᠣᠯᠭᠠᠨ ᠤ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠠᠵᠢᠯᠯᠠᠬᠤ ᠴᠠᠭ ᠢᠶᠠᠷ ᠬᠦᠯᠢᠶᠡᠨ ᠡᠮᠴᠢᠯᠡᠬᠦ ᠪᠠᠷ ᠪᠠᠶᠢᠨ᠎ᠠ᠃                 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ