| ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠵᠦ ︽ᠨᠠᠰᠤᠲᠠᠶᠢᠴᠤᠳ ᠲᠤ ᠦᠢᠯᠡᠴᠢᠯᠡᠬᠦ︾ ᠶᠢ ᠦᠨᠡᠨ ᠬᠦ ᠲᠦᠯᠬᠢᠨ ᠠᠬᠢᠭᠤᠯᠵᠤ᠂ | ᠨᠠᠰᠤᠲᠠᠨ ᠢᠶᠠᠨ ᠬᠦᠨᠳᠤᠯᠡᠨ᠂ ᠨᠠᠰᠤᠲᠠᠨ ᠢᠶᠠᠨ ᠬᠠᠪᠰᠤᠷᠬᠤ ᠰᠠᠶᠢᠨ ᠰᠠᠶᠢᠬᠠᠨ ᠠᠬᠤᠢ ᠪᠠᠶᠢᠳᠠᠯ ᠢ ᠪᠣᠢ ᠪᠣᠯᠭᠠᠬᠤ ᠶᠢᠨ ᠲᠦᠯᠦᠭᠡ᠂ 2 ᠳ᠋ᠤᠭᠠᠷ ᠰᠠᠷ᠎ᠠ ᠶᠢᠨ 26 ᠤ | ᠡᠳᠦᠷ᠂ ᠡᠵᠡᠨ ᠬᠤᠷᠤᠭ᠎ᠠ ᠬᠤᠰᠢᠭᠤᠨ ᠤ ᠨᠠᠨ ᠶᠤᠸᠠᠨ ᠨᠡᠶᠢᠭᠡᠮ ᠲᠣᠭᠤᠷᠢᠭ ︽ᠲᠠᠯᠠᠷᠬᠠᠯ ᠤᠨ ᠡᠳᠦᠷ ᠲᠡᠭᠷᠢ ᠶᠢᠨ ᠨᠠᠷᠠ ᠶᠢ ᠬᠠᠮᠲᠤᠪᠠᠷ ᠡᠳ᠋ᠯᠡᠬᠦ︾ | ᠨᠠᠰᠤᠲᠠᠶᠢᠴᠤᠳ ᠤᠨ ᠲᠥᠷᠥᠭᠰᠡᠨ ᠡᠳᠦᠷ ᠤᠨ ᠪᠠᠶᠠᠷ ᠢ ᠪᠡᠯᠭᠡᠯᠡᠬᠦ ᠠᠵᠢᠯᠯᠠᠭ᠎ᠠ ᠦᠷᠨᠢᠭᠦᠯᠵᠡᠢ᠃ | ᠲᠥᠷᠥᠭᠰᠡᠨ ᠡᠳᠦᠷ ᠤᠨ ᠪᠠᠶᠠᠷ ᠢ ᠬᠠᠮᠲᠤᠪᠡᠷ ᠪᠡᠯᠭᠡᠯᠡᠬᠦ ᠠᠵᠢᠯᠯᠠᠭ᠎ᠠ ᠨᠢ ᠡᠷᠡᠭᠦᠯ ᠮᠡᠨᠳᠦ ᠶᠢᠨ ᠠᠰᠠᠭᠤᠯᠲᠠ ᠬᠠᠷᠢᠭᠤᠯᠲᠠ ᠶᠢᠨ ᠲᠣᠭᠯᠠᠭᠠᠮ ᠢᠶᠠᠷ ᠬᠥᠰᠢᠭᠡ | ᠪᠠᠨ ᠨᠡᠭᠡᠭᠡᠵᠦ᠂ ᠠᠬᠤᠢ ᠲᠠᠯᠠᠪᠠᠢ ᠶᠢᠨ ᠠᠭᠤᠷ ᠠᠮᠢᠰᠬᠤᠯ ᠮᠠᠰᠢ ᠬᠥᠷ ᠬᠥᠭᠵᠢᠶᠡᠨ ᠲᠠᠢ ᠪᠠᠶᠢᠵᠤ᠂ ᠨᠠᠰᠤᠲᠠᠶᠢᠴᠤᠳ ᠢᠳᠡᠪᠬᠢᠲᠡᠢ ᠪᠠᠷ ᠣᠷᠣᠯᠴᠠᠵᠤ᠂ ᠠᠰᠠᠭᠤᠯᠲᠠ ᠶᠢ | ᠵᠦᠪ ᠬᠠᠷᠢᠭᠤᠯᠤᠭᠰᠠᠨ ᠳᠤᠨᠢ ᠰᠣᠷᠣᠭᠤᠯ ᠲᠠᠯᠪᠢᠬᠤ ᠮᠠᠰᠢᠨ ᠢ ᠪᠡᠯᠡᠭ ᠪᠣᠯᠭᠠᠨ ᠭᠠᠷᠳᠠᠭᠤᠯᠪᠠ᠃ ᠠᠰᠠᠭᠤᠯᠲᠠ ᠬᠠᠷᠢᠭᠤᠯᠲᠠ ᠶᠢᠨ ᠲᠤᠭᠯᠠᠭᠠᠮ ᠨᠢ ᠡᠷᠡᠭᠦᠯ | ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠷ ᠪᠠᠷᠠᠬᠤ ᠦᠭᠡᠢ ᠲᠤᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠨᠡᠩ ᠰᠠᠶᠢᠨ ᠣᠶᠢᠯᠠᠭᠠᠬᠤ ᠳᠤ ᠠᠰᠢᠭᠲᠠᠢ | ᠶᠤᠮ᠃ ᠨᠡᠶᠢᠭᠡᠮ ᠲᠤᠭᠤᠷᠢᠭ ᠤᠨ ᠠᠵᠢᠯᠲᠠᠳ ᠠᠴᠠ ᠪᠡᠯᠡᠳᠭᠡᠭᠰᠡᠨ ᠦᠨᠳᠡᠭᠡᠨ ᠪᠤᠤᠪᠤ ᠪᠠᠨ ᠨᠠᠰᠤᠳᠠᠶᠢᠴᠤᠳ ᠤᠨ ᠡᠮᠤᠨ᠎ᠠ ᠬᠦᠷᠭᠡᠨ ᠢᠷᠡᠬᠦ ᠳᠤ᠂ ᠨᠠᠰᠤᠳᠠᠶᠢᠴᠤᠳ | ᠨᠢᠳᠦ ᠪᠠᠨ ᠠᠨᠢᠨ᠂ ᠰᠠᠶᠢᠨ ᠰᠠᠶᠢᠬᠠᠨ ᠬᠦᠰᠡᠯ ᠢᠷᠦᠭᠡᠯ ᠢᠶᠠᠨ ᠲᠠᠭᠠᠳᠬᠠᠵᠤ᠂ ᠠᠬᠤᠢ ᠲᠠᠯᠠᠪᠠᠢ ᠮᠠᠰᠢ ᠬᠠᠯᠠᠭᠤᠨ ᠳᠣᠲᠣᠨᠣᠰᠤᠭ ᠪᠠᠶᠢᠪᠠ᠃ | ᠲᠠᠷᠠᠭ᠎ᠠ ᠨᠢ᠂ ᠠᠵᠢᠯᠳᠠᠳ ᠠᠴᠠ ᠲᠦᠷᠦᠭᠰᠡᠨ ᠡᠳᠤᠷ ᠤᠨ ᠭᠤᠯᠢᠷ ᠬᠤᠭᠤᠯᠠ ᠶᠢ ᠪᠡᠯᠡᠳᠭᠡᠨ ᠦᠭᠴᠦ᠂ ᠣᠯᠠᠨ ᠢᠶᠠᠷ ᠢᠶᠠᠨ ᠢᠳᠡᠬᠦ ᠶᠢᠨ ᠳᠠᠭᠠᠤ ᠡᠷᠡᠬᠡᠢ ᠪᠠᠨ | ᠭᠤᠵᠦ᠋ᠢᠯᠭᠠᠨ᠄ ︽ᠲᠣᠩ ᠠᠮᠲᠠᠲᠠᠢ ᠪᠠᠶᠢᠨ᠎ᠠ᠂ ᠡᠨᠡ ᠠᠶᠠᠭ᠎ᠠ ᠤᠷᠲᠤ ᠨᠠᠰᠤᠯᠠᠬᠤ ᠭᠤᠯᠢᠷ ᠢ ᠢᠳᠡᠪᠡᠯ ᠬᠤᠵᠢᠮ ᠤᠨ ᠠᠮᠢᠳᠤᠷᠠᠯ ᠯᠠᠪᠳᠠᠢ ᠤᠷᠤᠭᠰᠢ ᠲᠠᠢ ᠰᠠᠶᠢᠨ | ᠰᠠᠶᠢᠬᠠᠨ ᠪᠣᠯᠣᠨ᠎ᠠ︾ ᠭᠡᠮᠡᠨ ᠪᠠᠶᠠᠷᠳᠠᠶᠢᠬᠠᠨ ᠶᠠᠷᠢᠵᠠᠭᠠᠨ᠎ᠠ᠃ | |