| ᠲᠣᠭᠠᠴᠢᠯᠠᠭᠰᠠᠨ ᠡᠨᠧᠷᠭᠢ ᠶᠢᠨ ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤ ᠨᠢ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡ ᠪᠣᠯᠤᠨ ᠲᠤᠭ᠎ᠠ ᠪᠠᠷᠢᠮᠲᠠ | ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠢᠳᠡᠪᠬᠢᠲᠡᠶ ᠵᠣᠯᠭᠠᠯᠳᠤᠵᠤ᠂ ᠬᠤᠰᠢᠭᠤ ᠱᠠᠲᠤᠨ ᠤ ︽ᠦᠨᠳᠦᠰᠦᠨ ᠳ᠋ᠠᠶᠢᠲ᠋ᠠ ᠬᠥᠮᠥᠷᠭᠡ︾ ᠪᠣᠯᠤᠨ ᠬᠤᠲᠠ ᠶᠢᠨ ᠲᠠᠰ ᠤᠨ | ︽ᠳᠤᠯᠠᠭᠠᠨ ᠬᠤᠲᠠ ᠶᠢᠨ ᠡᠭᠦᠯᠡᠨ ᠪᠤᠳᠤᠯᠲᠠ︾ ᠶᠢᠨ ᠠᠯᠤᠰ ᠰᠡᠷᠡᠯ ᠤᠨ ᠲᠤᠭ᠎ᠠ ᠪᠠᠷᠢᠮᠲᠠ ᠶᠢᠨ ᠡᠭᠦᠯᠡᠨ ᠲᠠᠪᠴᠠᠩ ᠤᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ | ᠲᠦᠷᠭᠡᠨ ᠠᠬᠢᠭᠤᠯᠵᠤ᠂ ᠪᠥᠬᠦ ᠬᠤᠰᠢᠭᠤᠨ ᠤ ᠠᠯᠤᠰ ᠰᠡᠷᠡᠯ ᠤᠨ ᠵᠢᠷᠤᠭ ᠳᠦᠷᠰᠦ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠢᠭᠡᠳᠦᠯᠲᠡᠶ ᠲᠣᠬᠢᠷᠠᠭᠤᠯᠬᠤ ᠪᠠ | ᠬᠠᠮᠲᠤ ᠪᠠᠷ ᠭᠥᠷᠳᠡᠬᠦ ᠬᠡᠷᠡᠭᠯᠡᠭᠡ ᠶᠢ ᠪᠡᠶᠡᠯᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ | ᠳᠥᠯᠭᠢᠨ ᠠᠬᠢᠭᠤᠯᠪᠠ᠃ | ︽ᠥᠩᠭᠡᠷᠡᠭᠰᠡᠨ ᠳᠤ ᠲᠣᠭᠤᠷᠢᠨ ᠪᠠᠶᠢᠴᠠᠭᠠᠬᠤ ᠠᠵᠢᠯ ᠦᠨᠳᠦᠰᠦᠨ ᠳᠡᠭᠡᠨ ᠬᠥᠮᠦᠨ ᠤ ᠬᠦᠴᠦᠨ ᠳᠤ ᠲᠦᠰᠢᠭᠯᠡᠵᠦ ᠪᠠᠶᠢᠪᠠ᠂ ᠣᠲᠣ ︿ᠦᠨᠳᠦᠰᠦᠨ ᠳ᠋ᠠᠶᠢᠲ᠋ᠠ | ᠬᠥᠮᠥᠷᠭᠡ﹀ ᠶᠢᠨ ᠲᠠᠪᠴᠠᠩ ᠢ ᠬᠡᠷᠡᠭᠯᠡᠪᠡᠯ ᠳᠠᠷᠤᠶ ᠬᠠᠮᠢᠭ᠎ᠠ ᠬᠦᠷᠴᠦ ᠬᠡᠪ ᠤᠨ ᠪᠤᠰᠤ ᠪᠠᠶᠢᠳᠠᠯ ᠭᠠᠷᠬᠤ ᠶᠢ ᠬᠠᠷᠢᠴᠠᠭᠤᠯᠵᠤ᠂ ᠦᠨᠳᠦᠰᠦᠨ ᠱᠠᠲᠤᠨ ᠤ ᠠᠵᠢᠯᠲᠠᠨ ᠤ | ᠰᠢᠰᠲ᠋ᠧᠮ ᠤᠨ ᠰᠣᠯᠢᠬᠤ ᠶᠠᠷᠰᠢᠭ ᠲᠦᠪᠡᠭᠲᠡᠶ ᠪᠠ ᠬᠡᠭᠡᠷ᠎ᠡ ᠭᠠᠳᠠᠨ᠎ᠠ ᠬᠢᠨᠠᠨ ᠪᠠᠶᠢᠴᠠᠭᠠᠬᠤ ᠬᠡᠮᠵᠢᠶ᠎ᠡ ᠶᠢ ᠪᠠᠭᠠᠰᠬᠠᠵᠤ ᠴᠢᠳᠠᠨ᠎ᠠ᠃ ᠡᠵᠡᠨ ᠬᠤᠷᠤᠭ᠎ᠠ ᠬᠤᠰᠢᠭᠤᠨ ᠤ | ᠦᠨᠳᠦᠰᠦᠨ ᠱᠠᠲᠤᠨ ᠤ ᠠᠵᠢᠯᠲᠠᠨ ᠬᠡᠯᠡᠬᠦ ᠳᠡᠭᠡᠨ ︽ᠦᠨᠳᠦᠰᠦᠨ ᠳ᠋ᠠᠶᠢᠲ᠋ᠠ ᠬᠥᠮᠥᠷᠭᠡ︾ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠠᠵᠢᠯᠲᠠᠳ ᠭᠠᠵᠠᠷ ᠰᠢᠷᠣᠶ | ᠶᠢᠨ ᠣᠳᠣᠬᠢ ᠪᠠᠶᠢᠳᠠᠯ ᠵᠢᠴᠢ ᠲᠡᠦᠬᠡ ᠶᠢᠨ ᠳᠦᠷᠰᠦ ᠪᠠᠶᠢᠳᠠᠯ ᠢ ᠳᠥᠭᠦᠮ ᠳᠥᠲᠡ ᠪᠠᠷ ᠰᠢᠯᠵᠢᠭᠦᠯᠦᠨ ᠠᠪᠴᠤ᠂ ᠭᠠᠵᠠᠷ ᠰᠢᠷᠣᠶ ᠶᠢᠨ ᠡᠬᠢ ᠪᠠᠶᠠᠯᠢᠭ ᠤᠨ | ᠬᠤᠪᠢᠷᠠᠯᠲᠠ ᠶᠢ ᠴᠠᠭ ᠲᠤᠬᠠᠶ ᠳᠤᠨᠢ ᠮᠥᠷᠳᠡᠵᠦ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠦᠶᠯᠡ ᠠᠵᠢᠯᠯᠠᠭ᠎ᠠ ᠶᠢ ᠲᠤᠶᠢᠯ ᠤᠨ ᠣᠨᠣᠪᠴᠢᠲᠠᠶ ᠪᠠᠷ ᠢᠯᠭᠠᠨ | ᠲᠠᠨᠢᠬᠤ ᠶᠢᠨ ᠬᠠᠮᠲᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ᠂ ᠤᠰᠤᠨ ᠴᠣᠭᠴᠠ ᠶᠢᠨ ᠲᠠᠯᠠᠪᠠᠶ ᠵᠡᠷᠭᠡ ᠠᠮᠢ ᠠᠬᠤᠶ ᠶᠢᠨ ᠭᠦᠶᠴᠡᠳᠬᠡᠯ ᠲᠤᠭ᠎ᠠ ᠶᠢ ᠰᠢᠨᠵᠢᠯᠡᠬᠦ | ᠤᠬᠠᠭᠠᠨᠴᠢ ᠪᠠᠷ ᠦᠨᠡᠯᠡᠨ ᠵᠢᠱᠢᠵᠦ᠂ ︽ᠬᠥᠮᠦᠨ ᠢᠶᠠᠷ ᠰᠡᠷᠭᠡᠶᠢᠯᠡᠬᠦ︾ ᠠᠴᠠ ︽ᠣᠶᠤᠨᠴᠢ ᠪᠠᠷ ᠰᠡᠷᠭᠡᠶᠢᠯᠡᠬᠦ︾ ᠳᠠᠰᠢ ᠬᠤᠪᠢᠷᠠᠭᠤᠯᠬᠤ ᠶᠢ ᠪᠡᠶᠡᠯᠡᠭᠦᠯᠵᠦ ᠪᠣᠯᠤᠨ᠎ᠠ᠃ | ᠣᠳᠣᠬᠠᠨ ᠳᠤ᠂ ᠡᠵᠡᠨ ᠬᠤᠷᠤᠭ᠎ᠠ ᠬᠤᠰᠢᠭᠤ ᠨᠢᠭᠡᠨᠲᠡ ᠪᠥᠬᠦ ᠬᠤᠰᠢᠭᠤᠨ ᠤ 7 ᠪᠠᠯᠭᠠᠰᠤ ᠶᠢᠨ ᠲᠠᠩᠰᠠᠨ ᠢ ᠪᠦᠬᠦᠨ ᠢ ᠨᠡᠪᠲᠡᠷᠡᠭᠦᠯᠵᠦ᠂ ᠦᠨᠳᠦᠰᠦᠨ | ᠱᠠᠲᠤᠨ ᠤ ᠲᠠᠩᠰᠠᠨ ᠢ ᠨᠡᠶᠢᠲᠡ 45 ᠨᠡᠪᠲᠡᠷᠡᠭᠦᠯᠵᠦ᠂ ︽ᠦᠨᠳᠦᠰᠦᠨ ᠳ᠋ᠠᠶᠢᠲ᠋ᠠ ᠬᠥᠮᠥᠷᠭᠡ︾ ᠶᠢᠨ ᠳᠤᠯᠠᠭᠠᠨ ᠬᠤᠲᠠ ᠶᠢᠨ ᠡᠭᠦᠯᠡᠨ ᠪᠤᠳᠤᠯᠲᠠ ᠶᠢ ᠠᠰᠢᠭᠯᠠᠨ ᠪᠥᠬᠦ | ᠬᠤᠰᠢᠭᠤᠨ ᠤ 151 ᠲᠡᠦᠬᠡ ᠶᠢᠨ ᠦᠯᠡᠳᠡᠭᠳᠡᠯ ᠳᠤ ᠬᠢᠨᠠᠨ ᠬᠡᠮᠵᠢᠯᠲᠡ ᠬᠢᠭᠰᠡᠨ ᠪᠥᠭᠡᠳ ᠲᠡᠭᠦᠨ ᠤ ᠭᠠᠵᠠᠷ ᠤᠨ ᠭᠠᠳᠠᠷᠭᠤ ᠶᠢᠨ ᠬᠤᠪᠢᠷᠠᠯᠲᠠ ᠶᠢ ᠵᠠᠳᠠᠯᠵᠤ᠂ | ᠦᠨᠳᠦᠰᠦᠨ ᠱᠠᠲᠤᠨ ᠤ ᠠᠵᠢᠯᠲᠠᠨ ᠤ ᠭᠠᠳᠠᠷ ᠠᠵᠢᠯ ᠤᠨ ᠬᠡᠮᠵᠢᠶ᠎ᠡ ᠶᠢ 50 % ᠪᠠᠷ ᠪᠠᠭᠠᠰᠬᠠᠵᠤ᠂ ᠬᠤᠰᠢᠭᠤᠨ ᠤ ᠳᠣᠲᠣᠭᠠᠳᠤ ᠶᠢᠨ ᠡᠯ᠎ᠡ ᠰᠠᠯᠠᠭ᠎ᠠ ᠮᠥᠴᠢᠷ | ᠤᠨ ᠬᠤᠳᠠᠯᠳᠤᠭᠠᠨ ᠤ ᠳᠠᠭᠠᠭᠤᠯᠢ ᠣᠳᠣᠨ ᠤ ᠵᠢᠷᠤᠭ ᠳᠦᠷᠰᠦ ᠬᠤᠳᠠᠯᠳᠤᠨ ᠠᠪᠬᠤ ᠠᠴᠠ ᠵᠠᠶᠢᠯᠠᠰᠬᠢᠵᠦ᠂ ᠡᠳ᠋ ᠤᠨ ᠵᠠᠰᠠᠭ ᠤᠨ ᠪᠠᠯᠠ ᠮᠥᠩᠭᠦ ᠶᠢ ᠠᠷᠪᠢᠯᠠᠪᠠ᠃ |