ᠡᠵᠡᠨ ᠬᠤᠷᠤᠭ᠎ᠠ ᠬᠤᠰᠢᠭᠤᠨ ᠤ 2025 ᠣᠨ ᠤ 4 ᠳ᠋ᠤᠬᠡᠷ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2025/3/29
      3 ᠳ᠋ᠤᠭᠠᠷ ᠰᠠᠷ᠎ᠠ ᠶᠢᠨ 28᠎ ᠤ ᠡᠳᠦᠷ᠂ ᠡᠵᠡᠨ ᠬᠤᠷᠤᠭ᠎ᠠ ᠬᠤᠰᠢᠭᠤᠨ ᠤ 2025 ᠣᠨ ᠤ 4 ᠳ᠋ᠤᠬᠡᠷ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠣᠤ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠳᠡᠭᠡᠳᠦ ᠱᠠᠲᠤᠨ ᠤ ᠬᠠᠮᠢᠶ᠎ᠠ ᠪᠥᠬᠦᠶ ᠬᠤᠷᠠᠯ ᠪᠣᠯᠤᠨ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ︽ᠪᠦᠬᠦᠨ ᠢ ᠰᠢᠢᠳᠪᠤᠷᠢᠯᠡᠬᠦ︾ ᠲᠤᠰᠬᠠᠶ ᠠᠵᠢᠯ ᠥᠷᠨᠢᠭᠦᠯᠬᠦ᠂ ᠰᠢᠶᠠᠨ ᠤ ᠱᠠᠲᠤᠨ ᠤ ᠤᠳᠤᠷᠢᠳᠤᠯᠭ᠎ᠠ ᠪᠣᠯᠤᠨ ᠰᠠᠯᠠᠭᠠᠨ ᠲᠠᠰ ᠤᠨ ᠺᠠᠳ᠋ᠷ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠤᠷᠢᠯᠡᠬᠦ ᠵᠡᠷᠭᠡ ᠲᠥᠰᠦᠯ ᠢ ᠳᠠᠭᠠᠭᠠᠴᠢᠯᠠᠨ ᠬᠠᠷᠢᠭᠤᠴᠠᠵᠤ ᠱᠠᠯᠠᠪᠳᠠᠭᠤᠯᠤᠨ ᠰᠢᠢᠳᠪᠤᠷᠢᠯᠡᠬᠦ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠳᠠᠯ ᠢ ᠲᠣᠳᠣᠷᠬᠠᠢ ᠲᠠᠨᠢᠵᠤ᠂ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ︽ᠡᠭᠦᠳᠡᠨ ᠳᠤ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ︾᠎ ᠢ ᠰᠠᠶᠢᠲᠤᠷ ᠬᠢᠬᠦ ᠬᠡᠷᠡᠭᠲᠡᠢ᠃ ᠰᠤᠷᠤᠯᠴᠠᠯᠭ᠎ᠠ ᠪᠠᠨ ᠦᠨᠡᠨ ᠬᠦ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ ᠪᠠ ᠵᠥᠷᠢᠴᠡᠯ ᠢ ᠰᠢᠢᠳᠪᠦᠷᠢᠯᠡᠬᠦ ᠴᠢᠳᠠᠪᠤᠷᠢ ᠪᠠᠨ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠵᠣᠷᠢᠭ ᠰᠢᠭᠤᠳᠤᠨ ᠶᠡᠭᠡ ᠬᠦᠴᠦ ᠣᠷᠣᠭᠤᠯᠵᠤ᠂ ︽ᠰᠢᠶᠠᠨ ᠤ ᠲᠡᠰ ᠤᠨ ᠤᠳᠤᠷᠢᠳᠤᠯᠭ᠎ᠠ ᠪᠠᠯᠭᠠᠰᠤ ᠶᠢ ᠳᠠᠭᠠᠭᠠᠴᠢᠯᠠᠬᠤ᠂ ᠰᠠᠯᠠᠭᠠᠨ ᠲᠡᠰ ᠤᠨ ᠺᠠᠳ᠋ᠷ ᠲᠣᠰᠬᠤᠨ ᠢ ᠳᠠᠭᠠᠭᠠᠴᠢᠯᠠᠬᠤ︾᠂ ︽ᠡᠳᠦᠷ ᠲᠤ ᠲᠤᠬᠢᠷᠠᠭᠤᠯᠬᠤ᠂ ᠭᠠᠷᠠᠭ ᠲᠤ ᠵᠠᠷᠯᠠᠨ ᠮᠡᠳᠡᠭᠳᠡᠬᠦ︾᠂ ︽ᠬᠤᠣᠰ ᠱᠠᠯᠠᠪᠳᠠᠭᠤᠯᠤᠨ ᠰᠢᠢᠳᠪᠦᠷᠢᠯᠡᠭᠦᠯᠬᠦ︾ ᠵᠡᠷᠭᠡ ᠲᠣᠭᠲᠠᠴᠠ ᠶᠢ ᠴᠢᠩᠭᠠᠳᠬᠠᠵᠤ᠂ ᠳᠠᠷᠤᠭᠳᠠᠮᠠᠯ ᠬᠡᠷᠡᠭ ᠢ ᠪᠦᠬᠦ ᠲᠠᠯ᠎ᠠ ᠪᠠᠷ ᠪᠦᠬᠦᠨ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠨᠡᠮᠡᠭᠳᠡᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠵᠠᠬᠢᠳᠠᠯ  ᠰᠤᠷᠪᠤᠯᠵᠢᠯᠠᠭ᠎ᠠ ᠬᠢᠯᠭᠡᠬᠦ ᠬᠡᠷᠡᠭᠲᠡᠶ ᠬᠡᠵᠡᠢ᠃       ᠯᠢᠦ ᠰᠢᠶᠤᠤ ᠳ᠋ᠦᠩ᠂ ᠵᠧᠤ ᠯᠢ ᠮᠢᠩ᠂ ᠴᠢ ᠬᠤᠩ ᠮᠧᠶ᠂ ᠸᠠᠩ ᠷᠦᠢ ᠱᠠᠨ ᠵᠡᠷᠭᠡ ᠤᠳᠤᠷᠢᠳᠤᠯᠭ᠎ᠠ ᠵᠢᠴᠢ ᠬᠤᠰᠢᠭᠤᠨ ᠤ ᠵᠠᠬᠢᠳᠠᠯ  ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ‌ᠬᠤᠷᠠᠯ ᠳᠤ ᠣᠷᠣᠯᠴᠠᠪᠠ᠃        
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ