| 3 ᠳ᠋ᠤᠭᠠᠷ ᠰᠠᠷ᠎ᠠ ᠶᠢᠨ 29 ᠤ ᠡᠳᠦᠷ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠪᠣᠭᠤᠮᠲᠠ | ᠰᠢᠪᠲᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠵᠤ᠂ 3 ᠳ᠋ᠤᠭᠠᠷ ᠰᠠᠷ᠎ᠠ ᠶᠢᠨ 28 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ | ᠪᠥᠬᠦᠶ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠦ ᠶᠦᠨ ᠬᠤᠷᠠᠯ ᠢ ᠡᠷᠬᠢᠯᠡᠭᠰᠡᠨ | ᠪᠥᠭᠡᠳ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠣᠤ ᠵᠢᠶᠦ᠋ᠨ ᠭᠤᠤᠯᠳᠠᠯᠭ᠎ᠠ ᠲᠠᠢ ᠠᠵᠢᠯ ᠢ | ᠪᠠᠶᠢᠷᠢᠯᠠᠭᠤᠯᠪᠠ᠃ | ᠬᠤᠷᠠᠯ ᠠᠴᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ᠂ ᠭᠤᠤᠯ ᠮᠥᠷᠡᠨ ᠨᠠᠭᠤᠷ ᠴᠥᠭᠦᠷᠥᠮ ᠤᠨ | ︽ᠳᠥᠷᠪᠡᠨ ᠲᠤᠷ᠎ᠠ ᠪᠠᠷ︾ ᠠᠰᠠᠭᠤᠳᠠᠯ᠂ ᠣᠶ ᠰᠢᠭᠤᠶ ᠨᠤᠲᠤᠭ ᠪᠡᠯᠴᠢᠭᠡᠷ ᠢ ᠡᠪᠳᠡᠵᠦ ᠲᠦᠷᠢᠮ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ | ᠶᠡᠭᠡ ᠪᠠᠷ ᠴᠡᠭᠴᠡᠯᠡᠨ ᠰᠠᠶᠢᠵᠢᠷᠠᠭᠤᠯᠵᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ ᠳᠤ ᠲᠠᠶᠢᠯᠤᠮᠵᠢ ᠬᠢᠵᠦ᠂ ᠬᠠᠮᠢᠶ᠎ᠠ ᠪᠥᠬᠦᠶ ᠠᠵᠢᠯ ᠢ ᠰᠤᠳᠤᠯᠤᠨ | ᠪᠠᠶᠢᠷᠢᠯᠠᠭᠤᠯᠵᠤ᠂ ︽ᠭᠤᠷᠪᠠ ᠶᠢ ᠳᠠᠭᠠᠭᠠᠴᠢᠯᠠᠵᠤ ᠨᠢᠭᠡ ᠪᠣᠯᠭᠠᠬᠤ︾ ᠠᠵᠢᠯ ᠤᠨ ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠤᠨ ᠬᠦᠴᠦ ᠪᠠᠨ ᠲᠥᠪᠯᠡᠷᠡᠭᠦᠯᠦᠨ | ᠪᠣᠭᠤᠮᠲᠠ ᠰᠢᠪᠲᠤᠯᠵᠤ᠂ ᠰᠠᠭᠤᠷᠢ ᠲᠤᠭ᠎ᠠ ᠶᠢ ᠲᠣᠳᠣᠷᠬᠠᠶ ᠪᠣᠯᠭᠠᠵᠤ᠂ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠠᠷᠭ᠎ᠠ ᠬᠡᠮᠵᠢᠶ᠎ᠡ ᠶᠢ ᠲᠣᠳᠣᠷᠬᠠᠶ ᠪᠣᠯᠭᠠᠵᠤ᠂ ᠪᠥᠬᠦ | ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠪᠦᠬᠦᠨ ᠢ ᠦᠨᠳᠦᠰᠦᠨ ᠠᠴᠠ ᠨᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠮᠠᠨ ᠤ | ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠬᠤ ᠡᠵᠡᠨ ᠬᠤᠷᠤᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ | ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠣᠶ ᠰᠢᠭᠤᠶ ᠡᠪᠡᠰᠦ ᠪᠡᠯᠴᠢᠭᠡᠷ ᠢ ᠰᠦᠶᠳᠬᠡᠬᠦ ᠦᠶᠯᠡ ᠠᠵᠢᠯᠯᠠᠭ᠎ᠠ ᠳᠤ ᠴᠣᠬᠢᠯᠲᠠ ᠥᠭᠬᠦ ᠶᠢ ᠠᠮᠢ ᠠᠬᠤᠶ | ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠣᠪᠣᠶᠢᠮ᠎ᠠ ᠪᠠᠶᠢᠷᠢᠨ ᠳᠤ ᠲᠠᠯᠪᠢᠵᠤ᠂ | ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠢ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠣᠶ ᠰᠢᠭᠤᠶ ᠡᠪᠡᠰᠦ ᠪᠡᠯᠴᠢᠭᠡᠷ | ᠢ ᠰᠦᠶᠳᠬᠡᠬᠦ᠂ ᠪᠠᠶᠢᠨ ᠳᠠᠬᠢᠨ ᠠᠯᠳᠠᠭ᠎ᠠ ᠭᠠᠷᠭᠠᠬᠤ ᠵᠡᠷᠭᠡ ᠦᠵᠡᠭᠳᠡᠯ ᠢᠯᠡᠷᠡᠪᠡᠯ ᠬᠠᠤᠯᠢ ᠶᠣᠰᠣᠭᠠᠷ ᠬᠦᠴᠦᠲᠡᠶ ᠴᠣᠬᠢᠯᠲᠠ ᠥᠭᠴᠦ᠂ ᠬᠦᠨᠳᠦ ᠪᠠᠷ ᠵᠠᠯᠬᠠᠭᠠᠨ | ᠰᠢᠳᠬᠡᠵᠦ᠂ ᠣᠶ ᠰᠢᠭᠤᠶ ᠡᠪᠡᠰᠦ ᠪᠡᠯᠴᠢᠭᠡᠷ ᠢ ᠰᠦᠶᠳᠬᠡᠬᠦ ᠶᠢ ᠬᠤᠷᠢᠭᠯᠠᠬᠤ ᠶᠡᠷᠦᠩᠬᠡᠶ ᠳᠠᠶᠢᠯᠠᠯᠳᠤᠭᠠᠨ᠂ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ | ᠬᠢᠬᠦ ᠬᠡᠷᠡᠭᠲᠡᠶ᠃ ᠯᠠᠪᠳᠠᠭᠤᠨ ᠪᠠᠲᠤᠲᠠᠢ᠂ ᠦᠨᠡᠨ ᠬᠦ ᠠᠳᠬᠤᠨ ᠪᠣᠳᠠᠲᠠᠢ ᠠᠵᠢᠯᠯᠠᠬᠤ᠂ ᠪᠤᠰᠢᠭᠤ ᠱᠠᠯᠠᠮᠠᠭᠠᠢ ᠠᠵᠢᠯᠯᠠᠬᠤ ᠠᠵᠢᠯ ᠤᠨ ᠰᠤᠷᠲᠠᠯ ᠢ ᠪᠤᠢ ᠪᠣᠯᠭᠠᠵᠤ᠂ ᠡᠯ᠎ᠡ | ᠬᠠᠷᠢᠭᠤᠴᠠᠯᠭᠠᠲᠤ ᠤᠳᠤᠷᠢᠳᠤᠯᠭ᠎ᠠ᠂ ᠳᠠᠭᠠᠭᠠᠴᠢᠯᠠᠨ ᠬᠠᠷᠢᠯᠴᠠᠬᠤ ᠰᠠᠯᠠᠭ᠎ᠠ ᠮᠥᠴᠢᠷ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠪᠡᠶ᠎ᠡ ᠪᠠᠷ ᠢᠶᠠᠨ ᠵᠣᠬᠢᠴᠠᠭᠤᠯᠵᠤ᠂ | ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ | ᠦᠨᠡᠨ ᠪᠣᠳᠠᠲᠠᠢ ᠪᠠᠷ ᠬᠠᠷᠢᠭᠤ ᠲᠤᠰᠬᠠᠯ ᠭᠠᠷᠭᠠᠵᠤ᠂ ᠴᠢᠩᠭ᠎ᠠ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ | ᠪᠠᠷ ᠳᠠᠩᠰᠠ ᠮᠡᠳᠡᠭᠦᠯᠦᠨ ᠲᠤᠰᠢᠶᠠᠬᠤ ᠬᠡᠷᠡᠭᠲᠡᠢ ᠭᠡᠪᠡ᠃ | ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠬᠦᠷᠢᠶᠡᠯᠡᠩ ᠲᠣᠭᠤᠷᠢᠭ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |