2025 ᠣᠨ ᠤ ᠡᠵᠡᠨ ᠬᠤᠷᠤᠭ᠎ᠠ ᠬᠤᠰᠢᠭᠤ ︽ᠬᠠᠩᠰᠢ ᠶᠢᠨ ᠡᠳᠦᠷ︾ ᠭᠤᠤᠯ ᠰᠡᠳᠦᠪᠲᠦ ᠵᠢᠱᠢᠶ᠎ᠡ ᠦᠵᠡᠭᠦᠯᠬᠦ ᠠᠵᠢᠯᠯᠠᠭ᠎ᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/3/31
      3 ᠳ᠋ᠤᠭᠠᠷ ᠰᠠᠷ᠎ᠠ ᠶᠢᠨ 29 ᠤ ᠡᠳᠦᠷ᠂ 2025 ᠣᠨ ᠤ ᠡᠵᠡᠨ ᠬᠤᠷᠤᠭ᠎ᠠ ᠬᠤᠰᠢᠭᠤᠨ ᠤ  ︽ ᠬᠠᠩᠰᠢ ᠶᠢᠨ ᠡᠳᠦᠷ︾ ᠤᠨ ᠭᠤᠤᠯ ᠰᠡᠳᠦᠪᠲᠦ ᠵᠢᠱᠢᠶ᠎ᠡ ᠦᠵᠡᠭᠦᠯᠬᠦ ᠠᠵᠢᠯᠯᠠᠭ᠎ᠠ ᠣᠷᠳᠣᠰ ᠤᠨ ᠰᠣᠶᠣᠯ ᠤᠨ ᠠᠵᠤ  ᠦᠢᠯᠡᠰ ᠤᠨ ᠬᠦᠷᠢᠶᠡᠯᠡᠩ ᠳᠤ ᠶᠠᠪᠤᠭᠳᠠᠪᠠ᠃       ᠲᠣᠰ ᠤᠳᠠᠭᠠᠨ ᠤ ᠠᠵᠢᠯᠯᠠᠭ᠎ᠠ ᠨᠢ ︽ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠪᠣᠬᠢᠷᠲᠤᠯ ᠥᠬᠡᠶ ᠠᠮᠢᠳᠤᠷᠠᠯ ᠢ ᠦᠢᠯᠡᠳᠤᠯᠬᠡᠵᠢᠬᠦᠯᠵᠦ᠂ ᠡᠷᠡᠭᠦᠯ ᠡᠩᠬᠡ ᠬᠠᠪᠤᠷ ᠤᠨ ᠦᠵᠡᠮᠵᠢ ᠶᠢ ᠡᠳ᠋ᠯᠡᠬᠦ︾ ᠪᠠᠷ ᠭᠤᠤᠯ ᠰᠢᠵᠢᠮ ᠪᠣᠯᠭᠠᠵᠤ᠂ ᠵᠢᠷᠭᠤᠭᠠᠨ ᠶᠡᠭᠡ ᠭᠤᠤᠯ ᠰᠡᠳᠦᠪᠲᠦ ᠬᠡᠰᠡᠭ ᠢ ᠨᠠᠷᠢᠨ ᠨᠢᠮᠪᠠᠶ ᠲᠥᠰᠦᠪᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠷᠠᠨ ᠳᠠᠷᠬᠠᠨ ᠤ ᠭᠦᠨ ᠣᠶᠢᠯᠠᠭᠠᠯᠲᠠ ᠲᠠᠢ ᠮᠥᠷᠲᠡᠭᠡᠨ ᠤᠯᠤᠰ ᠤᠨ ᠤᠷᠤᠰᠬᠠᠯ ᠤᠨ IP ᠶᠢᠨ ᠠᠮᠢᠵᠢᠷᠠᠯ ᠤᠨ ᠬᠦᠴᠦᠨ ᠤ ᠠᠭᠤᠰᠤᠯᠴᠠᠯ ᠲᠠᠢ ᠪᠠᠶᠢᠬᠤ ᠪᠦᠭᠡᠳ ᠨᠠᠩ ᠴᠤ ᠶᠠᠪᠠᠭᠠᠨ ᠢᠶᠠᠷ ᠬᠦᠷᠢᠶᠡᠯᠡᠩ ᠲᠣᠭᠤᠷᠢᠭ ᠤᠨ ᠠᠮᠢ ᠠᠬᠤᠶ ᠶᠢ ᠬᠠᠶᠢᠨ ᠰᠦᠪᠡᠭᠴᠢᠯᠡᠬᠦ ᠰᠥᠪᠡᠭᠴᠢᠯᠡᠯᠲᠡ ᠲᠠᠢ ᠪᠠᠶᠢᠵᠤ᠂ ᠬᠤᠲᠠ ᠶᠢᠨ ᠠᠷᠠᠳ ᠲᠤ ᠥᠪᠡᠷᠮᠢᠴᠡ ᠣᠨᠴᠠᠯᠢᠭ ᠲᠠᠢ ᠬᠠᠪᠤᠷ ᠤᠨ ᠦᠪᠡᠳᠡᠭᠰᠢ ᠨᠠᠶᠢᠷ ᠢ ᠡᠬᠦᠳᠤᠨ ᠦᠭᠬᠦᠭᠰᠡᠨ ᠪᠠᠶᠢᠨ᠎ᠠ᠃       ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠠᠵᠢᠯᠯᠠᠭ᠎ᠠ ᠨᠢ ᠪᠠᠭᠠᠴᠤᠳ ᠤᠨ ᠬᠤᠰᠢᠭᠤᠴᠢ ᠠᠩᠬᠢ ᠶᠢᠨ ᠬᠠᠩᠭᠢᠨᠠᠮ᠎ᠠ ᠲᠠᠭᠤᠨ ᠤ ᠳᠤᠮᠳᠠ ᠡᠬᠢᠯᠡᠵᠦ᠂ ᠠᠵᠢᠯᠯᠠᠭᠠᠨ ᠳᠤ ᠣᠷᠣᠯᠴᠠᠭᠰᠠᠨ ᠰᠤᠷᠤᠭᠴᠢᠳ ᠶᠠᠪᠠᠭᠠᠨ ᠠᠶᠠᠯᠠᠬᠤ ᠠᠩᠭᠢ ᠶᠢ ᠵᠣᠬᠢᠶᠠᠨ ᠪᠠᠢᠭᠤᠯᠵᠤ᠂ 3 ᠺᠢᠯᠣᠮᠧᠲᠷ ᠤᠨ ᠡᠷᠡᠭᠦᠯ ᠮᠡᠨᠳᠦ ᠶᠢᠨ ᠠᠶᠠᠯᠠᠯ ᠢᠶᠠᠨ ᠡᠬᠢᠯᠡᠭᠦᠯᠪᠡ᠃      ᠡᠵᠡᠨ ᠬᠤᠷᠤᠭ᠎ᠠ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠰᠣᠷᠣᠭᠴᠢ  ᠮᠠ ᠺᠧ ᠶᠠᠩ ᠰᠤᠷᠪᠤᠯᠵᠢᠯᠠᠭᠴᠢ ᠳᠤ᠄ ︽ᠡᠨᠡ ᠤᠳᠠᠭ᠎ᠠ  ᠶᠠᠪᠠᠭᠠᠨ ᠠᠶᠠᠯᠠᠬᠤ  ᠳᠤ ᠲᠡᠭᠷᠢ ᠶᠡᠭᠡ ᠬᠦᠢᠲᠡᠨ ᠪᠠᠶᠢᠨ᠎ᠠ᠂ ᠪᠢ ᠪᠠᠰᠠ ᠳᠤᠮᠳᠠ ᠨᠢ ᠵᠤᠭᠰᠤᠴᠢᠬᠠᠶ᠎ᠠ ᠭᠡᠵᠦ ᠪᠤᠳᠤᠭᠰᠠᠨ᠂ ᠭᠡᠪᠡᠴᠦ ᠴᠢᠷᠮᠠᠶᠢᠵᠤ ᠪᠠᠶᠢᠭᠠᠳ ᠡᠴᠦᠰ ᠤᠨ ᠴᠡᠭ ᠲᠤ ᠬᠦᠷᠤᠯ᠎ᠡ︾ ᠬᠡᠵᠤ ᠪᠠᠶᠢᠪᠠ᠃      ᠲᠤᠬᠠᠢ ᠶᠢᠨ ᠲᠠᠯᠠᠪᠠᠢ ᠳᠤ ᠣᠷᠳᠣᠰ ᠬᠤᠲᠠ ᠶᠢᠨ ᠴᠠᠭᠠᠰᠤᠨ ᠰᠢᠪᠠᠭᠤ ᠶᠢᠨ ᠨᠡᠶᠢᠭᠡᠮᠯᠢᠭ ᠪᠠᠰᠠ ᠲᠣᠮᠣ ᠬᠡᠯᠪᠡᠷᠢ ᠶᠢᠨ ᠣᠨᠴᠠ ᠮᠡᠷᠭᠡᠵᠢᠯ ᠤᠨ ᠴᠠᠭᠠᠰᠤᠨ ᠰᠢᠪᠠᠭᠤ ᠶᠢ ᠨᠢᠰᠭᠡᠨ᠂ 30 ᠮᠧᠲᠷ ᠤᠨ ᠯᠤᠤ ᠬᠡᠯᠪᠡᠷᠢᠲᠦ ᠴᠠᠭᠠᠰᠤᠨ ᠰᠢᠪᠠᠭᠤ᠂ 100 ᠲᠡᠭᠰᠢ ᠳᠥᠷᠪᠡᠯᠵᠢᠨ ᠮᠧᠲᠷ ᠤᠨ ᠵᠥᠭᠡᠯᠡᠨ ᠪᠡᠶᠡᠲᠦ ᠨᠢᠤᠮᠠᠷ᠎ᠠ ᠴᠠᠭᠠᠰᠤᠨ ᠰᠢᠪᠠᠭᠤ ᠨᠢ ︽ᠤᠭᠳᠠᠷᠭᠤᠢ ᠶᠢᠨ ᠪᠠᠯᠧᠲ ᠪᠦᠵᠢᠭ︾ ᠤᠨ ᠭᠤᠶᠢᠳᠠ ᠦᠵᠡᠮᠵᠢ ᠶᠢ ᠪᠦᠷᠢᠯᠳᠤᠬᠦᠯᠪᠡ᠃ ᠬᠤᠲᠠ ᠶᠢᠨ ᠠᠷᠠᠳ DIY ᠵᠢᠷᠤᠭ ᠵᠢᠷᠤᠬᠤ ᠲᠤᠭᠤᠷᠢᠭ ᠲᠤ ᠦᠪᠡᠷ ᠤᠨ ᠭᠡᠰᠡᠨ ᠴᠠᠭᠠᠰᠤᠨ ᠰᠢᠪᠠᠭᠤ ᠪᠠᠨ ᠵᠢᠷᠤᠵᠤ᠂ ᠬᠡᠷ ᠪᠦᠯᠢ  ᠪᠠᠷ ᠨᠢᠭᠡᠴᠢ ᠪᠤᠯᠭᠠᠭᠰᠠᠨ ᠴᠠᠭᠠᠰᠤᠨ ᠰᠢᠪᠠᠭᠤ ᠲᠠᠯᠪᠢᠬᠤ ᠤᠷᠤᠯᠳᠤᠭᠠᠨ ᠳᠤ ᠣᠷᠣᠯᠴᠠᠵᠤ ᠪᠣᠯᠤᠨ᠎ᠠ᠃       ᠡᠵᠡᠨ ᠬᠤᠷᠤᠭ᠎ᠠ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠰᠣᠷᠣᠭᠴᠢ ᠬᠤᠤ ᠷᠦᠸᠧ ᠪᠢᠩ ᠰᠤᠷᠪᠤᠯᠵᠢᠯᠠᠭᠴᠢ ᠳᠤ᠄ ︽ᠦᠷᠡᠭᠳᠡᠭᠰᠡᠨ ᠪᠠᠭᠠᠲᠤᠷᠴᠤᠳ ᠤᠨ ᠦᠯᠢᠭᠡᠷ ᠢ ᠰᠣᠨᠣᠰᠤᠭᠠᠳ᠂ ᠪᠢ ᠣᠳᠣᠬᠠᠨ ᠤ ᠰᠠᠶᠢᠨ ᠰᠠᠶᠢᠬᠠᠨ ᠠᠮᠢᠳᠤᠷᠠᠯ ᠢᠶᠠᠨ ᠨᠡᠩ ᠨᠠᠨᠳᠢᠩᠨᠠᠵᠤ᠂ ᠰᠠᠶᠢᠨ ᠰᠤᠷᠤᠯᠴᠠᠨ ᠢᠷᠡᠭᠡᠳᠦᠢ ᠳᠤ ᠡᠬᠡ ᠤᠯᠤᠰ ᠲᠤ ᠪᠠᠨ ᠬᠦᠴᠤ ᠪᠠᠨ ᠡᠷᠬᠦᠨ᠎ᠡ︾ ᠭᠡᠰᠡᠨ ᠪᠠᠶᠢᠨ᠎ᠠ᠃       ᠬᠡᠷ ᠤᠨ ᠠᠬᠠᠮᠠᠳ ᠬᠤᠤ ᠵᠢᠶᠧ ᠰᠤᠷᠪᠤᠯᠵᠢᠯᠠᠭᠴᠢ ᠳᠤ᠄ ︽ᠥᠨᠥᠳᠦᠷ ᠤᠨ ᠡᠨᠡ ᠠᠵᠢᠯᠯᠠᠭ᠎ᠠ ᠶᠢ ᠮᠠᠰᠢ ᠰᠠᠶᠢᠨ ᠡᠷᠭᠢᠯᠡᠵᠡᠶ᠂ ᠬᠡᠦᠬᠡᠳ ᠢᠶᠠᠨ ᠳᠠᠭᠠᠭᠤᠯᠤᠨ ᠰᠡᠳᠬᠢᠯ ᠰᠠᠨᠠᠭ᠎ᠠ ᠪᠠᠨ ᠠᠭᠤᠵᠢᠷᠠᠭᠤᠯᠵᠤ᠂ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠪᠠᠨ ᠵᠤᠵᠠᠭᠠᠳᠬᠠᠵᠤ ᠴᠢᠳᠠᠯ᠎ᠠ᠂ ᠡᠶᠢᠮᠦ ᠠᠵᠢᠯᠯᠠᠭ᠎ᠠ ᠶᠢ ᠢᠯᠡᠭᠦᠬᠡᠨ ᠡᠷᠭᠢᠯᠡᠬᠦ ᠶᠢ ᠬᠦᠰᠡᠵᠦ ᠪᠠᠶᠢᠨ᠎ᠠ︾ ᠬᠡᠪᠡ᠃       ᠡᠵᠡᠨ ᠬᠤᠷᠤᠭ᠎ᠠ ᠬᠤᠰᠢᠭᠤ ᠰᠢᠨ᠎ᠡ ᠶᠢ ᠡᠭᠦᠳᠬᠦ ᠬᠡᠯᠪᠡᠷᠢ ᠪᠠᠷ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠬᠢᠴᠢᠶᠡᠯ ᠤᠨ ᠲᠠᠩᠬᠢᠮ ᠠᠴᠠ ᠭᠠᠷᠭᠠᠵᠤ᠂ ᠬᠥᠬᠡᠮᠳᠦᠭ ᠨᠣᠭᠤᠭᠠᠨ ᠠᠭᠤᠯᠠ ᠤᠰᠤᠨ ᠤ ᠳᠤᠮᠳᠠ ᠠᠭᠤᠰᠤᠯᠴᠠᠭᠤᠯᠵᠤ᠂ ᠬᠤᠲᠠ ᠶᠢᠨ ᠠᠷᠠᠳ ᠲᠤ ᠤᠷᠢᠬᠠᠨ ᠬᠠᠪᠤᠷ ᠤᠨ ᠪᠣᠯᠪᠠᠰᠤᠨ ᠨᠠᠶᠢᠷᠠᠯ ᠬᠥᠭᠵᠢᠮ ᠢ ᠬᠥᠭᠵᠢᠮᠳᠡᠪᠡ᠃       ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ ᠾᠧ ᠢᠦᠶ ᠰᠤᠷᠪᠤᠯᠵᠢᠯᠠᠭᠴᠢ ᠳᠤ᠄ ︽ᠪᠢᠳᠡᠨ ᠤ ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠵᠦ ᠪᠠᠶᠢᠭ᠎ᠠ ᠶᠢᠨ ᠭᠤᠤᠯ ᠵᠣᠷᠢᠯᠭ᠎ᠠ ᠪᠣᠯ ᠥᠷᠭᠡᠨ ᠣᠯᠠᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠭᠤᠮᠵᠢᠲᠠᠶ ᠪᠠᠷ ᠠᠯᠤᠰ ᠢ ᠵᠣᠷᠢᠨ᠂ ᠠᠴᠢ ᠶᠢ ᠬᠠᠷᠢᠭᠤᠯᠵᠤ ᠪᠤᠶᠠᠨ ᠢ ᠨᠠᠨᠳᠢᠩᠨᠠᠨ᠂ ᠤᠯᠤᠰ ᠣᠷᠣᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠰᠣᠶᠣᠯ ᠤᠨ ᠢᠲᠡᠭᠡᠯ ᠢ ᠨᠢ ᠳᠡᠭᠡᠭᠰᠢᠯᠡᠭᠦᠯᠬᠦ ᠶᠢᠨ ᠲᠥᠯᠥᠭᠡ ᠶᠤᠮ︾ ᠬᠡᠵᠤ ᠪᠠᠶᠢᠯ᠎ᠠ᠃           
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ