ᠡᠵᠡᠨ ᠬᠤᠷᠤᠭ᠎ᠠ ᠬᠤᠰᠢᠭᠤ ᠤᠢ ᠶᠢᠨ ᠬᠦᠳᠡᠷᠢ ᠲᠡᠵᠢᠭᠡᠨ ᠦᠷᠡᠵᠢᠬᠦᠯᠵᠦ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠯ ᠤᠨ ᠵᠠᠮ ᠢ  ᠥᠷᠭᠡᠳᠭᠡᠵᠦ ᠪᠠᠶᠢᠨ᠎ᠠ
ᠨᠡᠶᠢᠲᠡᠯᠡᠭᠰᠡᠨ ᠴᠠᠭ᠄
2025/3/5
      ᠤᠢᠢᠷ᠎ᠠ ᠶᠢᠨ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤᠨ ᠤ ᠠᠯᠲᠠᠨᠰᠢᠷᠡᠭᠡᠲᠦ ᠪᠠᠯᠭᠠᠰᠤ ᠲᠡᠵᠢᠭᠡᠨ ᠦᠷᠡᠵᠢᠭᠦᠯᠬᠦ ᠠᠵᠤ ᠦᠢᠯᠡᠰ ᠤᠨ ᠪᠦᠲᠦᠴᠡ ᠳᠤ ᠲᠤᠬᠢᠷᠠᠭᠤᠯᠤᠯᠳᠠ ᠬᠢᠵᠦ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ︽ᠳᠡᠭᠡᠳᠦ᠂ ᠨᠠᠷᠢᠯᠢᠭ᠂ ᠬᠦᠴᠦᠷᠬᠡᠭ︾ ᠲᠡᠰᠢ ᠬᠤᠪᠢᠷᠠᠭᠤᠯᠬᠤ ᠶᠢ ᠠᠬᠢᠭᠤᠯᠬᠤ ᠶᠢᠨ ᠬᠠᠮᠲᠤ᠂ ᠲᠤᠰ ᠭᠠᠵᠠᠷ ᠣᠷᠣᠨ ᠤ ᠳᠡᠯᠭᠡᠷᠡᠭᠦᠯᠬᠦ ᠳᠤ ᠨᠡᠩ ᠢᠯᠡᠬᠦᠤ ᠳᠤᠬᠢᠷᠠᠬᠤ ︽ᠰᠢᠨ᠎ᠡ᠂ ᠰᠣᠨᠢᠨ᠂ ᠣᠨᠴᠠᠭᠠᠢ︾ ᠤᠨᠴᠠᠯᠢᠬᠳᠤ ᠮᠠᠯ ᠠᠵᠤ ᠠᠬᠤᠢ ᠶᠢᠨ ᠠᠵᠤ ᠦᠢᠯᠡᠰ ᠢ ᠬᠦᠭᠵᠢᠬᠦᠯᠵᠦ ᠪᠠᠶᠢᠨ᠎ᠠ᠃        2025 ᠣᠨ ᠤ 2 ᠳ᠋ᠤᠭᠠᠷ ᠰᠠᠷ᠎ᠠ ᠳᠤ᠂ ᠰᠠᠶᠢᠨᠳᠤᠷ᠎ᠠ ᠠᠴᠠ ᠲᠦᠷᠦᠭᠦᠦ ᠪᠦᠯᠦᠭ ᠤᠨ 40 ᠬᠤᠣᠰ ᠤᠢ ᠶᠢᠨ ᠬᠦᠳᠡᠷᠢ ᠶᠢ ᠣᠷᠣᠭᠤᠯᠤᠨ ᠠᠪᠴᠢᠷᠠᠵᠤ᠂ ᠳᠠᠷᠠᠭᠠᠴᠢ ᠪᠠᠷ ᠪᠠᠰᠠ 160 ᠬᠤᠣᠰ ᠣᠷᠣᠭᠤᠯᠤᠨ ᠠᠪᠴᠢᠷᠠᠬᠤ ᠪᠠᠷ ᠲᠦᠰᠤᠪᠯᠡᠨ᠂ ᠨᠡᠶᠢᠳᠡ 200 ᠬᠤᠣᠰ ᠲᠤ ᠬᠦᠷᠭᠡᠬᠦ ᠪᠠᠷ ᠪᠠᠶᠢᠨ᠎ᠠ᠃ ᠵᠢᠱᠢᠯᠲᠡ ᠪᠠᠷ 2027 ᠣᠨ ᠤ ᠬᠠᠪᠤᠷ ᠤᠨ ᠤᠯᠠᠷᠢᠯ ᠤᠨ ᠲᠥᠯᠯᠡᠬᠦ ᠬᠤᠭᠤᠴᠠᠭᠠᠨ ᠳᠤ ᠤᠷᠤᠬᠤ ᠳᠤ᠂ ᠲᠤᠰᠤᠭᠰᠠᠨ ᠲᠦᠯ᠂ ᠬᠦᠳᠡᠷᠢ ᠶᠢᠨ ᠵᠠᠭᠠᠷ ᠤᠨ ᠭᠠᠷᠤᠯᠳᠠ ᠵᠢᠴᠢ ᠦᠨ᠎ᠡ ᠥᠷᠲᠡᠭ  ᠢ ᠪᠤᠳᠤᠪᠠᠯ᠂ ᠴᠡᠪᠡᠷ ᠠᠰᠢᠭ ᠣᠷᠣᠯᠭ᠎ᠠ ᠨᠢ ᠪᠠᠷᠤᠭ 800 ᠭᠠᠷᠤᠶ ᠲᠦᠮᠡᠨ ᠲᠥᠭᠦᠷᠢᠭ ᠲᠤ ᠬᠥᠷᠬᠦ ᠪᠣᠯᠤᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ