ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠡᠮᠡᠭᠲᠡᠶᠢᠴᠦᠳ ᠤᠨ ᠰᠡᠳᠬᠢᠯ ᠢ ᠲᠤᠯᠠᠭᠠᠴᠠᠭᠤᠯᠪᠠ
ᠨᠡᠶᠢᠲᠡᠯᠡᠭᠰᠡᠨ ᠴᠠᠭ᠄
2025/3/5
      3 ᠳ᠋ᠤᠭᠠᠷ ᠰᠠᠷ᠎ᠠ ᠶᠢᠨ 3 ᠤ ᠡᠳᠦᠷ᠂ ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠬᠢᠨ ᠡᠮᠡᠭᠲᠡᠶᠢᠴᠦᠳ  ᠢ ᠬᠠᠯᠠᠮᠵᠢᠯᠠᠨ ᠬᠠᠶᠢᠷᠠᠯᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠥᠷᠭᠡᠨ ᠣᠯᠠᠨ ᠡᠮᠡᠭᠲᠡᠶᠢᠴᠦᠳ ᠤᠨ ᠲᠤᠮᠳᠠ ᠦᠨᠡᠨ ᠬᠦ ᠬᠦᠷᠭᠡᠭᠰᠡᠨ ᠪᠠᠶᠢᠨ᠎ᠠ᠃      ᠠᠳᠠᠯ ᠦᠢᠯᠡᠰ ᠪᠤᠰᠬᠠᠬᠤ ᠲᠣᠮᠣ ᠠᠰᠠᠷ ᠤᠨ ᠡᠮᠡᠭᠲᠡᠶᠢᠴᠦᠳ ᠤᠨ ᠬᠢᠴᠢᠶᠡᠯ ᠤᠨ ᠲᠠᠩᠬᠢᠮ ᠳᠤ᠂ ᠠᠵᠢᠯ ᠤᠨ ᠪᠠᠶᠢᠷᠢᠨ ᠳᠤ ᠪᠠᠶᠢᠭ᠎ᠠ ᠪᠠ ᠠᠵᠢᠯ ᠠᠴᠠ ᠪᠠᠨ ᠠᠮᠠᠷᠠᠭᠰᠠᠨ 20 ᠭᠠᠷᠤᠶ ᠡᠮᠡᠭᠲᠡᠶ ᠠᠵᠢᠯᠲᠠᠨ ᠠᠵᠢᠯᠴᠢᠨ ᠵᠢᠴᠢ ᠨᠡᠶᠢᠭᠡᠮ ᠲᠣᠭᠤᠷᠢᠭ ᠤᠨ ᠡᠮᠡᠭᠲᠡᠶᠢᠴᠦᠳ ᠪᠠᠭᠰᠢ ᠶᠢᠨ ᠵᠢᠯᠣᠭᠤᠳᠣᠯᠭ᠎ᠠ ᠳᠣᠤᠷ᠎ᠠ᠂ ᠴᠠᠭᠠᠰᠤᠨ ᠠᠯᠴᠢᠭᠤᠷ ᠤᠨ ᠬᠠᠶᠢᠷᠴᠠᠭ ᠢ ᠨᠠᠷᠢᠨ ᠨᠢᠮᠪᠠᠶ ᠤᠷᠠᠯᠠᠨ ᠬᠢᠵᠦ ᠪᠠᠶᠢᠪᠠ᠃      ᠡᠵᠡᠨ ᠬᠤᠷᠤᠭ᠎ᠠ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠥᠪ ᠤᠨ ᠠᠵᠢᠯᠲᠠᠨ ᠭᠦᠸᠧ ᠶᠠᠨ ᠰᠤᠷᠪᠤᠵᠢᠯᠠᠭᠴᠢ ᠳᠤ᠄ ︽ᠥᠨᠥᠳᠦᠷ ᠡᠮᠡᠭᠲᠡᠶᠢᠴᠦᠳ ᠤᠨ  ᠬᠤᠯᠪᠤᠭᠠᠳᠤ ᠬᠤᠷᠠᠯ ᠠᠴᠠ ᠵᠤᠬᠢᠶᠠᠨ ᠪᠠᠶᠢᠭᠤᠯᠤᠭᠰᠠᠨ ᠡᠨᠡ ᠬᠦ ᠠᠵᠢᠯᠯᠠᠭ᠎ᠠ ᠳᠤ ᠤᠷᠤᠯᠴᠠᠭᠠᠳ ᠮᠠᠰᠢ  ᠪᠠᠶᠠᠷᠳᠠᠢ ᠪᠠᠶᠢᠨ᠎ᠠ᠂ ᠮᠢᠨᠦ ᠳᠤᠷ᠎ᠠ ᠪᠠᠬ᠎ᠠ ᠪᠠ ᠬᠥᠭᠡᠭᠡᠴᠡᠯᠳᠦᠯ ᠳᠤ ᠪᠦᠷ ᠲᠤᠬᠢᠷᠠᠵᠤ᠂ ᠪᠢᠳᠡᠨ ᠤ ᠠᠵᠢᠯ ᠤᠨ ᠴᠢᠯᠥᠭᠡᠨ ᠤ ᠠᠮᠢᠳᠤᠷᠠᠯ ᠢ ᠴᠤ ᠪᠠᠶᠠᠯᠢᠭᠵᠢᠭᠤᠯᠤᠯ᠎ᠠ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠬᠠᠯᠠᠮᠵᠢᠯᠠᠯ ᠪᠠ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠬᠤᠶᠢᠰᠢᠳᠠ ᠡᠶᠢᠮᠦᠷᠬᠦ ᠠᠵᠢᠯᠯᠠᠭ᠎ᠠ ᠶᠢ ᠢᠯᠡᠭᠦᠬᠡᠨ ᠡᠷᠭᠢᠯᠡᠬᠦ ᠶᠢ ᠬᠦᠰᠡᠵᠦ ᠪᠠᠶᠢᠨ᠎ᠠ︾ ᠭᠡᠮᠡᠨ ᠪᠠᠶᠡᠷᠳᠡᠢ ᠶᠠᠷᠢᠨ᠎ᠠ᠃      ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠥᠷᠭᠡᠨ ᠣᠯᠠᠨ ᠡᠮᠡᠭᠲᠡᠶᠢᠴᠦᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ 3 ᠳ᠋ᠤᠭᠠᠷ ᠰᠠᠷ᠎ᠠ ᠶᠢᠨ 3 ᠤ ᠡᠳᠦᠷ ᠠᠴᠠ 8 ᠤ ᠡᠳᠦᠷ ᠪᠣᠯᠲᠠᠯ᠎ᠠ᠂ ᠰᠦᠢᠳᠬᠡᠯ ᠬᠤᠷᠢᠶᠠᠬᠤ ᠥᠬᠡᠶ ᠪᠠᠷ ᠠᠰᠠᠷᠠᠮᠵᠢ ᠶᠢᠨ ᠬᠢᠴᠢᠶᠠᠯ ᠤᠷᠤᠬᠤ ᠠᠵᠢᠯᠯᠠᠭ᠎ᠠ ᠥᠷᠨᠢᠭᠦᠯᠵᠦ᠂ ᠴᠠᠶ ᠶᠢᠨ ᠤᠷᠠᠯᠢᠭ᠂ ᠬᠢᠮᠤᠰᠤ ᠭᠤᠶᠣᠯᠠᠬᠤ᠂ ᠬᠤᠸᠠᠷ ᠬᠠᠳᠬᠤᠬᠤ᠂ ᠡᠳᠦᠷ ᠲᠤᠲᠤᠮ ᠤᠨ ᠵᠠᠰᠠᠯ ᠴᠢᠮᠡᠭᠯᠡᠯ ᠬᠢᠬᠦ ᠵᠡᠷᠭᠡ ᠪᠠᠷ ᠡᠮᠡᠭᠲᠡᠶᠢᠴᠦᠳ ᠤᠨ ᠲᠣᠰ ᠪᠡᠶ᠎ᠡ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠳᠤ ᠬᠦᠴᠦᠨ ᠨᠠᠮᠠᠷᠢᠯᠠᠵᠤ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠡᠷᠭᠢᠯᠡᠭᠴᠢ ᠰᠣ᠋ ᠯᠢ ᠰᠢᠨ ᠰᠤᠷᠪᠤᠵᠢᠯᠠᠭᠴᠢ ᠳᠤ᠄ ︽ᠥᠨᠥᠳᠦᠷ ᠪᠢᠳᠡ ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠤᠷᠢᠯᠭ᠎ᠠ ᠪᠠᠷ᠂ 115 ᠳ᠋ᠤᠭᠠᠷ ᠤᠳᠠᠭᠠᠨ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠤᠨ ᠡᠳᠤᠷ ᠤᠨ ᠠᠵᠢᠯᠯᠠᠭ᠎ᠠ ᠳᠤ ᠣᠷᠣᠯᠴᠠᠪᠠ᠂ ᠡᠭᠦᠨ ᠠᠴᠠ ᠪᠢᠳᠡ ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠮᠠᠨ ᠤ ᠡᠮᠡᠭᠲᠡᠶ ᠺᠠᠳ᠋ᠷᠴᠤᠳ ᠢ ᠬᠠᠶᠢᠷᠠᠯᠠᠨ ᠬᠠᠯᠠᠮᠵᠢᠯᠠᠵᠤ ᠪᠠᠶᠢᠬᠤ ᠶᠢ ᠭᠦᠨ ᠤᠶᠢᠯᠠᠭᠠᠨ᠂ ᠬᠤᠶᠢᠰᠢᠳᠠ ᠠᠵᠢᠯ ᠤᠨ ᠳᠤᠮᠳᠠ ᠪᠠᠨ ᠡᠬᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠵᠤ᠂ ᠮᠠᠨ ᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠪᠠᠳᠠᠷᠠᠭᠤᠯᠤᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ︾ ᠬᠡᠵᠤ ᠤᠮᠤᠭ ᠲᠠᠢ ᠶᠠᠷᠢᠵᠤ ᠪᠠᠶᠢᠪᠠ᠃      ᠤᠭ ᠰᠠᠨᠠᠭ᠎ᠠ ᠪᠠᠨ ᠦᠯᠦ ᠮᠠᠷᠳᠠᠨ᠂ ᠡᠮᠡᠭᠲᠡᠶᠢᠴᠦᠳ ᠡᠷᠡᠯᠬᠡᠭᠯᠡᠨ ᠤᠷᠤᠭᠰᠢᠯᠠᠨ᠎ᠠ᠃ ᠣᠶᠢᠷ᠎ᠠ ᠶᠢᠨ ᠵᠢᠯ ᠤᠳ ᠲᠤ᠂ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ︽ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠬᠦᠢᠴᠡᠳᠬᠡᠬᠦ ᠺᠣᠮᠢᠰ ᠤᠨ ᠠᠵᠢᠯᠯᠠᠬᠤ ᠲᠠᠰᠤᠭ︾ ᠢ ᠡᠭᠦᠳᠦᠨ ᠪᠠᠶᠢᠭᠤᠯᠵᠤ᠂ ︽ᠡᠮᠡᠭᠲᠡᠶᠢᠴᠦᠳ ᠤᠨ ᠬᠤᠯᠪᠤᠭᠠᠳᠤ ᠬᠤᠷᠠᠯ ᠬᠦᠢᠴᠡᠳᠬᠡᠬᠦ ᠺᠣᠮᠢᠰ ᠲᠠᠢ ᠬᠤᠯᠪᠣᠭᠠᠯᠠᠨ ᠬᠦᠳᠡᠯᠤᠯᠴᠠᠵᠦ ᠬᠦᠢᠴᠡᠳᠬᠡᠬᠦ ᠺᠣᠮᠢᠰ ᠣᠯᠠᠨ ᠲᠦᠮᠡᠨ ᠲᠠᠢ ᠬᠠᠷᠢᠯᠴᠠᠬᠤ︾ ᠠᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠪᠣᠯᠤᠨ ᠣᠯᠠᠨ ᠲᠦᠮᠡᠨ ᠤ ᠰᠡᠳᠬᠢᠯ ᠢ ᠤᠯᠠᠮ ᠣᠶᠢᠷᠠᠲᠤᠭᠤᠯᠪᠠ᠃ ᠪᠥᠬᠦ ᠬᠤᠰᠢᠭᠤᠨ ᠤ ᠡᠮᠡᠭᠲᠡᠶ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠡᠮᠡᠭᠲᠡᠶ ᠺᠠᠳ᠋ᠷᠴᠤᠳ ᠲᠤ ︽ᠴᠠᠬᠢᠯᠭᠠᠨ ᠴᠡᠨᠡᠭᠯᠡᠵᠦ ᠡᠨᠧᠷᠭᠢ ᠬᠦᠷᠳᠡᠬᠡᠬᠦ︾᠂ ︽ᠤᠮᠠᠷᠠᠲᠤ ᠶᠢᠨ ᠡᠮᠡᠭᠲᠡᠶᠢᠴᠦᠳ ᠤᠨ ᠬᠠᠯᠠᠭᠤᠨ ᠳᠤᠯᠠᠭᠠᠨ ᠭᠡᠷ ᠪᠦᠯᠢ︾ ᠪᠠ ᠬᠤᠲᠠ ᠶᠢᠨ ᠳᠡᠰ ᠤᠨ ᠬᠡᠦᠬᠡᠳ ᠤᠨ ᠭᠡᠷ ᠪᠦᠯᠢ ᠶᠢ ᠪᠠᠶᠢᠭᠤᠯᠵᠤ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ  ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠶᠡᠷᠦᠩᠬᠡᠢ ᠬᠡᠪ ᠴᠢᠨᠠᠷ ᠢᠶᠠᠨ ᠳᠡᠭᠡᠭᠰᠢᠯᠡᠭᠦᠯᠵᠦ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠲᠠᠢ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠺᠠᠳ᠋ᠷ ᠤᠨ ᠡᠩᠨᠡᠭᠡ ᠶᠢ ᠪᠠᠶᠢᠭᠤᠯᠵᠤ᠂ ᠪᠥᠬᠦ ᠬᠤᠰᠢᠭᠤᠨ ᠤ ᠥᠨᠳᠥᠷ ᠪᠠᠷᠢᠮᠵᠢᠶ᠎ᠠ ᠲᠠᠢ ︽ᠡᠮᠡᠭᠲᠡᠶᠢᠴᠦᠳ ᠤᠨ ᠬᠡᠷ ᠪᠦᠯᠢ︾ ᠶᠢ ᠴᠣᠭᠴᠠᠯᠠᠨ ᠪᠠᠶᠢᠭᠤᠯᠵᠤ᠂ ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠣᠳᠣᠬᠢᠴᠢᠯᠠᠭᠰᠠᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠡᠮᠡᠭᠲᠡᠶᠢᠴᠦᠳ ᠤᠨ ᠬᠦᠴᠦᠨ ᠴᠢᠳᠠᠯ ᠢ ᠨᠡᠮᠡᠷᠢᠯᠡᠪᠡ᠃ ᠡᠭᠦᠨ ᠤ ᠰᠠᠭᠤᠷᠢᠨ ᠳᠡᠭᠡᠷ᠎ᠡ᠂ ︽ᠡᠮᠡᠭᠲᠡᠶᠢᠴᠦᠳ︾ ᠨᠡᠷᠡᠮᠵᠢᠲᠦ ᠪᠦᠲᠦᠭᠡᠭᠳᠡᠬᠦᠨ ᠤ ᠦᠵᠡᠭᠦᠯᠭᠡ ᠶᠢᠨ ᠲᠢᠩᠬᠢᠮ ᠪᠣᠯᠤᠨ ᠡᠮᠡᠭᠲᠡᠶᠢᠴᠦᠳ ᠤᠨ ᠦᠢᠯᠡᠰ ᠪᠤᠰᠬᠠᠬᠤ ᠰᠢᠭᠤᠳ ᠨᠡᠪᠲᠡᠷᠡᠭᠦᠯᠭᠡ ᠶᠢᠨ ᠲᠠᠰᠤᠭ ᠢ ᠪᠠᠶᠢᠭᠤᠯᠵᠤ᠂ ︽ᠡᠮᠡᠭᠲᠡᠶᠢᠴᠦᠳ ᠤᠨ ᠦᠢᠯᠡᠰ ᠪᠤᠰᠬᠠᠬᠤ ᠬᠤᠯᠪᠣᠭ᠎ᠠ︾ ᠶᠢ ᠪᠠᠶᠢᠭᠤᠯᠵᠤ᠂ ᠭᠡᠷ ᠤᠨ ᠶᠠᠪᠤᠳᠠᠯ ᠪᠣᠯᠤᠨ ᠡᠯᠧᠺᠲᠷᠣᠨ ᠬᠤᠳᠠᠯᠳᠤᠭ᠎ᠠ ᠵᠡᠷᠭᠡ ᠪᠣᠯᠪᠠᠰᠤᠷᠠᠯ ᠢ ᠦᠷᠨᠢᠬᠦᠯᠦᠨ᠂ ᠤᠷᠢᠵᠤ ᠡᠯᠰᠡᠬᠦ ᠴᠤᠭᠯᠠᠭᠠᠨ᠂ ᠤᠷ᠎ᠠ ᠮᠡᠷᠭᠡᠵᠢᠯ ᠤᠨ ᠤᠷᠤᠯᠳᠤᠭᠠᠨ ᠵᠢᠴᠢ ᠰᠢᠨ᠎ᠡ ᠶᠢ ᠡᠭᠦᠳᠬᠦ ᠦᠢᠯᠡᠰ ᠪᠤᠰᠬᠠᠬᠤ ᠤᠷᠤᠯᠳᠤᠭᠠᠨ ᠵᠡᠷᠭᠡ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ 13 ᠰᠢᠯᠢᠳᠡᠭ ᠡᠮᠡᠭᠲᠡᠶᠢᠴᠦᠳ ᠲᠤ ︽ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ︾ ᠶᠢᠨ ᠢᠷᠠᠭᠤ ᠠᠯᠳᠠᠷ ᠢ ᠤᠯᠭᠤᠵᠤ᠂ 344 ᠡᠮᠡᠭᠳᠡᠢ ᠲᠠᠢ ᠠᠵᠢᠯ ᠤᠯᠭᠤᠯᠳᠠ ᠶᠢᠨ ᠰᠠᠨᠠᠮᠵᠢ ᠲᠤᠭᠳᠠᠪᠠ᠃         
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ