| 3 ᠳ᠋ᠤᠭᠠᠷ ᠰᠠᠷ᠎ᠠ ᠶᠢᠨ 3 ᠤ ᠡᠳᠦᠷ᠂ ᠡᠵᠡᠨ ᠬᠤᠷᠤᠭ᠎ᠠ ᠬᠤᠰᠢᠭᠤᠨ ᠤ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠢᠯᠡᠰ ᠤᠨ ᠲᠥᠪ᠂ | ᠤᠯᠠᠭᠠᠨᠮᠦ᠋ᠷᠡᠨ ᠪᠠᠯᠭᠠᠰᠤᠨ ᠤ ᠨᠡᠶᠢᠭᠡᠮ ᠤᠨ ᠶᠠᠪᠤᠳᠠᠯ ᠤᠨ ᠠᠯᠪᠠᠨ ᠬᠡᠷ ᠠᠴᠠ ᠭᠤᠤᠯᠯᠠᠨ ᠡᠷᠬᠢᠯᠡᠵᠦ᠂ ᠳ᠋ᠦᠩ ᠹᠠᠩ ᠰᠢᠩ ᠪᠣᠯᠪᠠᠰᠤᠷᠠᠯ ᠤᠨ ᠰᠤᠷᠭᠠᠭᠤᠯᠢ ᠠᠴᠠ | ᠳᠠᠭᠠᠭᠠᠴᠢᠯᠠᠨ ᠡᠷᠭᠢᠯᠡᠭᠰᠡᠨ ᠤᠯᠠᠭᠠᠨᠮᠦ᠋ᠷᠡᠨ ᠪᠠᠯᠭᠠᠰᠤᠨ ᠤ ᠺᠤᠮᠫᠢᠦ᠋ᠲ᠋ᠧᠷ ᠤᠨ ᠰᠠᠭᠤᠷᠢ ᠮᠡᠳᠡᠯᠭᠡ ᠶᠢᠨ ᠪᠣᠯᠪᠠᠰᠤᠷᠠᠯ ᠤᠨ ᠠᠩᠭᠢ ᠵᠢᠩᠬᠢᠨᠢ ᠪᠠᠷ ᠰᠤᠷᠤᠯᠭ᠎ᠠ ᠡᠬᠢᠯᠡᠪᠡ᠃ | ᠲᠣᠰ ᠤᠳᠠᠭᠠᠨ ᠤ ᠪᠣᠯᠪᠠᠰᠤᠷᠠᠯ ᠨᠢ 7 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠪᠣᠳᠠᠲᠤ ᠬᠡᠷᠡᠭᠴᠡᠭᠡ ᠲᠠᠢ | ᠮᠥᠷᠲᠡᠭᠡᠨ ᠪᠣᠳᠠᠲᠤ ᠬᠡᠷᠡᠭᠴᠡᠭᠡ ᠳᠤ ᠨᠡᠶᠢᠴᠡᠭᠰᠡᠨ ᠺᠤᠮᠫᠢᠦ᠋ᠲ᠋ᠧᠷ ᠤᠨ ᠤᠷ᠎ᠠ ᠴᠢᠳᠠᠪᠤᠷᠢ ᠶᠢ ᠲᠠᠮᠵᠢᠭᠤᠯᠬᠤ ᠪᠤᠯᠤᠨ᠎ᠠ᠃ | ᠪᠣᠯᠪᠠᠰᠤᠷᠠᠯ ᠨᠢ ᠺᠤᠮᠫᠢᠦ᠋ᠲ᠋ᠧᠷ ᠤᠨ ᠰᠠᠭᠤᠷᠢ ᠮᠡᠳᠡᠯᠭᠡ ᠵᠢᠴᠢ ᠠᠵᠢᠯᠯᠠᠬᠤ ᠠᠷᠭ᠎ᠠ᠂ ᠢᠨᠲ᠋ᠧᠷ ᠰᠦᠯᠵᠢᠶᠡᠨ ᠤ ᠰᠠᠭᠤᠷᠢ ᠮᠡᠳᠡᠯᠭᠡ ᠵᠢᠴᠢ ᠠᠯᠪᠠᠨ ᠭᠡᠷ ᠤᠨ | ᠵᠥᠭᠡᠯᠡᠨ ᠲᠣᠨᠤᠭ ᠤᠨ ᠬᠡᠷᠡᠭᠯᠡᠯᠲᠡ ᠵᠡᠷᠭᠡ ᠪᠠᠷ ᠭᠤᠤᠯ ᠠᠭᠤᠯᠭ᠎ᠠ ᠪᠠᠨ ᠪᠤᠯᠭᠠᠵᠤ᠂ ᠤᠨᠤᠯ ᠤᠨ ᠲᠠᠶᠢᠯᠤᠮᠵᠢ ᠪᠠ ᠪᠣᠳᠠᠲᠤ ᠤᠶᠢᠯᠡᠳᠤᠯᠭᠡ ᠶᠢ ᠤᠶᠠᠯᠳᠤᠭᠤᠯᠬᠤ | ᠠᠷᠭ᠎ᠠ ᠶᠢ ᠠᠪᠴᠤ᠂ ᠠᠭᠤᠯᠭ᠎ᠠ ᠶᠢ ᠵᠢᠭᠠᠬᠤ᠂ ᠪᠣᠳᠠᠲᠠᠶ ᠤᠶᠢᠯᠡᠳᠤᠯᠭᠡ ᠳᠤ ᠤᠷᠤᠯᠴᠠᠭᠤᠯᠬᠤ᠂ ᠮᠠᠳᠠᠭ ᠲᠠᠢ ᠠᠰᠠᠭᠤᠳᠠᠯ ᠢ ᠰᠠᠨᠠᠯ ᠢᠶᠠᠨ ᠰᠣᠯᠢᠯᠴᠠᠨ ᠰᠢᠢᠳᠪᠤᠷᠢᠯᠡᠬᠦ ᠪᠠᠷ | ᠳᠠᠮᠵᠢᠭᠤᠯᠤᠨ ᠬᠤᠪᠢ ᠬᠥᠮᠦᠨ ᠤ ᠦᠰᠦᠨ ᠪᠤᠶᠢᠵᠢᠯᠲᠠ ᠪᠠ ᠠᠵᠢᠯ ᠮᠡᠷᠭᠡᠵᠢᠯ ᠤᠨ ᠬᠥᠭᠵᠢᠯᠲᠡ ᠶᠢ ᠪᠡᠶᠡᠯᠡᠬᠦᠯᠦᠭᠰᠡᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠨᠢ ᠤᠯᠠᠭᠠᠨᠮᠦ᠋ᠷᠡᠨ ᠪᠠᠯᠭᠠᠰᠤᠨ ᠤ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠮᠡᠷᠭᠡᠵᠢᠯ ᠡᠵᠡᠮᠰᠢᠬᠦᠯᠦᠭᠰᠡᠨ ᠢᠶᠠᠷ | ᠪᠠᠷᠠᠬᠤ ᠦᠭᠡᠢ ᠰᠠᠭᠤᠭᠠᠯᠢ ᠠᠷᠠᠳ ᠤᠨ ᠠᠵᠢᠯ ᠤᠯᠬᠤ ᠢᠲᠡᠭᠡᠯ ᠢ ᠶᠡᠭᠡ ᠪᠠᠷ ᠨᠡᠮᠡᠭᠳᠡᠭᠦᠯᠦᠨ᠂ ᠠᠷᠠᠳ ᠤᠯᠠᠨ ᠤ ᠠᠵᠢᠯ ᠤᠯᠬᠤ ᠶᠡᠷᠦᠩᠬᠡᠶᠢᠯᠡᠭᠰᠡᠨ ᠴᠢᠳᠠᠪᠤᠷᠢ ᠶᠢ | ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ | |