ᠮᠠᠨ ᠤ ᠬᠤᠰᠢᠭᠤ ᠬᠤᠪᠢᠶᠠᠷᠢ ᠬᠤᠷᠠᠯ ᠤᠨ ᠲᠠᠯᠠᠪᠠᠢ ᠳᠤ ᠪᠦᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2025 ᠣᠨ ᠤ ᠠᠩᠬᠠᠳᠤᠭᠠᠷ ᠪᠥᠬᠦᠳᠡ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/3/7
      3 ᠳ᠋ᠣᠭᠠᠷ ᠰᠠᠷ᠎ᠠ ᠶᠢᠨ 6᠎ ᠤ ᠦᠳᠡ ᠶᠢᠨ ᠡᠮᠦᠨ᠎ᠡ᠂ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2025 ᠣᠨ ᠤ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠢᠦᠶ ᠬᠠᠶ ᠢᠦᠶ ᠬᠤᠷᠠᠯ ᠡᠷᠭᠢᠯᠡᠪᠡ᠃ ᠬᠤᠲᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠪᠦᠷᠢᠯᠳᠦᠬᠦᠨ ᠨᠢᠭᠡᠴᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠳᠡᠳ᠋ ᠳᠠᠷᠤᠭ᠎ᠠ ᠵᠣᠣ ᠴᠦᠨ ᠢᠦᠶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠮᠡᠳᠡᠭᠳᠡᠵᠦ᠂ ᠬᠤᠯᠪᠣᠭᠳᠠᠯ ᠪᠥᠬᠦᠶ ᠬᠤᠰᠢᠭᠤ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠬᠠᠷᠢᠭᠤ ᠮᠡᠳᠡᠭᠦᠯᠦᠯᠲᠡ ᠬᠢᠪᠠ᠃     ᠯᠢ ᠯᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠨᠡᠩ ᠥᠨᠳᠥᠷ ᠵᠣᠭᠰᠣᠴᠠ᠂ ᠨᠡᠩ ᠶᠡᠭᠡ ᠡᠷᠴᠢᠮ ᠢᠶᠠᠷ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃     ᠯᠢ ᠯᠢ᠂ ᠵᠠᠩᠭᠢᠯᠠᠭ᠎ᠠ ᠶᠢᠨ ᠭᠤᠣᠯᠳᠠᠯᠭ᠎ᠠ ᠶᠢ ᠴᠢᠩᠭ᠎ᠠ ᠠᠩᠬᠠᠷᠴᠤ᠂ ︽ᠭᠤᠷᠪᠠᠨ ᠶᠡᠭᠡ ᠳᠠᠶᠢᠯᠠᠯᠳᠤᠭᠠᠨ︾᠎ ᠢ ᠰᠠᠶᠢᠲᠤᠷ ᠬᠢᠵᠦ᠂ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠠᠵᠢᠯ  ᠪᠠ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠬᠡᠯᠪᠡᠷᠢ ᠪᠠᠨ ᠬᠤᠪᠢᠷᠠᠭᠤᠯᠬᠤ ᠵᠠᠮ ᠢᠶᠠᠷ ᠰᠠᠶᠢᠲᠤᠷ ᠵᠠᠮᠨᠠᠵᠤ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠮᠠᠭᠠᠯᠠᠵᠤ ᠵᠠᠰᠠᠵᠤ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠠᠨᠢᠯᠲᠠ ᠶᠢ ᠪᠣᠳᠠᠲᠠᠶᠢᠵᠢᠭᠤᠯᠬᠤ᠂ ᠵᠢᠭᠰᠠᠭᠠᠨ ᠪᠠᠶᠢᠴᠠᠭᠠᠯᠲᠠ ᠶᠢ ᠪᠣᠳᠠᠲᠠᠶᠢᠵᠢᠭᠤᠯᠬᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ᠂ ᠵᠠᠰᠠᠨ ᠴᠡᠭᠴᠡᠯᠡᠬᠦ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠳᠠᠯᠠᠵᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠡᠷᠬᠡ ᠬᠠᠷᠢᠭᠤᠴᠠᠯᠭ᠎ᠠ ᠲᠣᠳᠣᠷᠬᠠᠢ᠂ ᠵᠣᠬᠢᠴᠠᠩᠭᠤᠢ ᠪᠠᠷ ᠬᠤᠯᠪᠣᠭᠠᠯᠠᠨ ᠬᠥᠳᠡᠯᠦᠯᠴᠡᠬᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠬᠡᠷᠡᠭᠲᠡᠢ ᠭᠡᠪᠡ᠃      ᠢᠦᠢ ᠬᠠᠢ ᠢᠦᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠵᠦ᠂ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠬᠦ ᠶᠢᠨ ᠲᠣᠭᠤᠷᠢᠨ ᠳᠤ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ᠂ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠪᠦᠳᠦᠭᠡᠨ ᠪᠠᠶᠢᠭᠤᠯᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ᠂ ᠬᠠᠳᠤᠨ ᠭᠤᠣᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠪᠦᠬᠦ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠷᠠᠯ ᠨᠢ ᠸᠢᠳᠢᠣ᠋ ᠬᠡᠯᠪᠡᠷᠢ ᠪᠠᠷ ᠶᠠᠪᠤᠭᠳᠠᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠣᠤ ᠵᠢᠶᠦ᠋ᠨ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠮᠸᠡᠭ ᠰᠤ᠋ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠡᠯ᠎ᠡ ᠪᠠᠯᠭᠠᠰᠤ᠂ ᠬᠤᠰᠢᠭᠤᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ