| 3 ᠳ᠋ᠤᠭᠠᠷ ᠰᠠᠷ᠎ᠠ ᠶᠢᠨ 5 ᠤ ᠡᠳᠦᠷ᠂ ᠱᠧᠨ ᠬᠤᠸᠠ ᠰᠢᠨ᠎ᠡ ᠵᠡᠭᠡᠯᠢ ᠶᠢᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠰᠢᠨ᠎ᠡ ᠵᠡᠭᠡᠯᠢ | ᠶᠢᠨ ᠲᠣᠶᠢᠭ ᠰᠦᠮ᠎ᠡ ᠶᠢᠨ ᠠᠭᠤᠷᠬᠠᠶ ᠶᠢᠨ ᠣᠷᠣᠨ ᠤ ᠰᠢᠨ᠎ᠡ ᠵᠡᠭᠡᠯᠢ ᠶᠢᠨ ᠨᠢᠭᠡᠳᠦᠭᠡᠷ ᠬᠤᠳᠳᠤᠭ ᠵᠢᠴᠢ ᠨᠡᠭᠦᠷᠡᠰᠦ ᠰᠢᠯᠢᠬᠦ ᠦᠶᠯᠡᠳᠪᠦᠷᠢ᠂ ᠰᠢᠨ᠎ᠡ ᠵᠡᠭᠡᠯᠢ ᠶᠢᠨ | ᠬᠤᠶᠠᠳᠤᠭᠠᠷ ᠬᠤᠳᠳᠤᠭ ᠵᠢᠴᠢ ᠨᠡᠭᠦᠷᠡᠰᠦ ᠰᠢᠯᠢᠬᠦ ᠦᠶᠯᠡᠳᠪᠦᠷᠢ ᠶᠢᠨ ᠲᠥᠷᠥᠯ ᠵᠦᠶᠯ ᠨᠢ ᠠᠵᠢᠯ ᠡᠬᠢᠯᠡᠭᠦᠯᠬᠦ ᠪᠠᠷ ᠮᠡᠳᠡᠭᠦᠯᠦᠨ ᠵᠥᠪᠰᠢᠶᠡᠷᠡᠭᠦᠯᠵᠦ᠂ ᠲᠥᠷᠥᠯ | ᠵᠦᠶᠯ ᠨᠢ ᠪᠥᠲᠥᠭᠡᠨ ᠪᠠᠶᠢᠭᠤᠯᠬᠤ ᠨᠥᠬᠦᠴᠡᠯ ᠢ ᠪᠦᠷᠢᠯᠳᠦᠭᠦᠯᠵᠦ᠂ ᠪᠥᠲᠥᠭᠡᠨ ᠪᠠᠶᠢᠭᠤᠯᠬᠤ ᠱᠠᠲᠤᠨ ᠳᠤ ᠵᠢᠩᠬᠢᠨᠢ ᠪᠠᠷ ᠣᠷᠣᠭᠰᠠᠨ ᠢ ᠬᠠᠷᠠᠭᠤᠯᠪᠠ᠃ | ᠲᠤᠶᠢᠭ ᠤᠨ ᠰᠦᠮ᠎ᠡ ᠶᠢᠨ ᠠᠭᠤᠷᠬᠠᠶ ᠶᠢᠨ ᠣᠷᠣᠨ ᠤ ᠰᠢᠨ᠎ᠡ ᠵᠡᠭᠡᠯᠢ ᠶᠢᠨ ᠨᠢᠭᠡᠳᠦᠭᠡᠷ ᠬᠤᠳᠳᠤᠭ᠂ ᠬᠤᠶᠠᠳᠤᠭᠠᠷ ᠬᠤᠳᠳᠤᠭ ᠪᠣᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ᠎ᠠ᠂ | ᠠᠭᠤᠷᠬᠠᠶ ᠶᠢᠨ ᠬᠤᠳᠳᠤᠭ ᠤᠨ ᠵᠢᠷᠤᠵᠤ ᠲᠥᠯᠥᠪᠯᠡᠵᠦ ᠦᠶᠯᠡᠳᠪᠦᠷᠢᠯᠡᠬᠦ ᠴᠢᠳᠠᠪᠤᠷᠢ ᠨᠢ ᠵᠢᠯ ᠪᠦᠷᠢ 800 ᠲᠦᠮᠡᠨ ᠲᠣᠨ ᠪᠠᠶᠢᠵᠤ᠂ ᠠᠳᠠᠯᠢ ᠬᠡᠪᠴᠢᠶᠡᠨ ᠤ | ᠨᠡᠭᠦᠷᠡᠰᠦ ᠰᠢᠯᠢᠬᠦ ᠦᠶᠯᠡᠳᠪᠦᠷᠢ ᠶᠢ ᠢᠵᠢ ᠪᠦᠷᠢᠳᠦᠭᠦᠯᠦᠨ ᠪᠥᠲᠥᠭᠡᠨ ᠪᠠᠶᠢᠭᠤᠯᠵᠤ᠂ ᠨᠢᠭᠡᠳᠦᠭᠡᠷ ᠬᠤᠳᠳᠤᠭ ᠤᠨ ᠠᠭᠤᠷᠬᠠᠶ ᠶᠢᠨ ᠲᠠᠯᠠᠪᠠᠶ ᠨᠢ 70 . 28 | ᠲᠡᠭᠰᠢ ᠳᠥᠷᠪᠡᠯᠵᠢᠨ ᠺᠢᠯᠣᠮᠧᠲᠷ᠂ ᠬᠤᠶᠠᠳᠤᠭᠠᠷ ᠬᠤᠳᠳᠤᠭ ᠤᠨ ᠠᠭᠤᠷᠬᠠᠶ ᠶᠢᠨ ᠲᠠᠯᠠᠪᠠᠶ ᠨᠢ 67 . 12 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠬᠤᠶᠠᠷ | ᠠᠭᠤᠷᠬᠠᠶ ᠶᠢᠨ ᠬᠤᠳᠳᠤᠭ ᠢ ᠵᠡᠷᠭᠡᠪᠡᠷ ᠪᠠᠶᠢᠭᠤᠯᠵᠤ᠂ ᠵᠢᠱᠢᠯᠲᠡ ᠪᠠᠷ 2029 ᠣᠨ ᠳᠤ ᠪᠠᠶᠢᠭᠤᠯᠵᠤ ᠳᠠᠭᠤᠰᠬᠠᠨ᠎ᠠ᠂ ᠲᠥᠷᠥᠯ ᠵᠦᠶᠯ ᠪᠠᠶᠢᠭᠤᠯᠤᠭᠳᠠᠵᠤ | ᠠᠰᠢᠭᠯᠠᠯᠲᠠ ᠳᠤ ᠤᠷᠤᠭᠰᠠᠨ ᠤ ᠳᠠᠷᠠᠭ᠎ᠠ ᠮᠠᠨ ᠤ ᠬᠤᠰᠢᠭᠤᠨ ᠤ ᠡᠨᠧᠷᠭᠢ ᠶᠢᠨ ᠠᠮᠤᠷ ᠲᠦᠪᠰᠢᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ |