AI ᠣᠶᠤᠨᠴᠢ ᠭᠠᠷ ᠠᠪᠤᠯᠭ᠎ᠠ ᠤᠰᠤᠨ ᠤ ᠠᠮᠤᠷ ᠲᠦᠪᠰᠢᠨ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2025/3/9
      ᠡᠵᠡᠨ ᠬᠤᠷᠤᠭ᠎ᠠ ᠬᠤᠰᠢᠭᠤᠨ ᠤ ᠬᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠥᠲᠡᠯᠪᠡᠯ ᠠᠰᠠᠷᠠᠮᠵᠢ ᠲᠠᠢ᠂ ᠬᠡᠦᠬᠡᠳ ᠨᠢ ᠰᠤᠷᠭᠠᠨ ᠬᠦᠮᠤᠵᠢᠯ ᠲᠠᠢ ᠪᠠᠶᠢᠬᠤ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠢ ᠲᠣᠭᠲᠠᠭᠤᠨ ᠢᠶᠠᠷ ᠪᠠᠲᠤᠯᠠᠵᠤ ᠪᠠᠶᠢᠨ᠎ᠠ᠃      ᠠᠯᠲᠠᠨᠰᠢᠷᠡᠭᠡᠲᠦ ᠪᠠᠯᠭᠠᠰᠤᠨ ᠤ ᠪᠣᠯᠪᠠᠰᠤᠨ ᠰᠠᠭᠤᠭᠠᠯᠢ ᠠᠷᠠᠳ ᠤᠨ ᠲᠣᠭᠤᠷᠢᠭ ᠤᠨ 57 ᠨᠠᠰᠤᠲᠠᠶ ᠰᠦᠨ ᠢ ᠱᠧᠩ᠂ ᠦᠪᠡᠷ ᠢᠶᠠᠨ AI ᠤᠶᠤᠨᠴᠢ ᠭᠠᠷ ᠠᠪᠤᠯᠭ᠎ᠠ ᠪᠠᠷ ᠳᠡᠮᠵᠢᠨ ᠤᠰᠤ ᠬᠡᠷᠡᠭᠯᠡᠬᠦ ᠲᠤᠬᠠᠶ ᠠᠰᠠᠭᠤᠨ ᠯᠠᠪᠯᠠᠵᠤ᠂ ᠲᠡᠷᠡ ︽AI ᠤᠶᠤᠨᠲᠤ ᠭᠠᠷ ᠠᠪᠤᠯᠭ᠎ᠠ ᠶᠡᠭᠡ ᠲᠥᠬᠦᠮ᠂ ᠡᠩ ᠤᠨ ᠦᠶ᠎ᠡ ᠶᠢᠨ ᠤᠰᠤ ᠬᠡᠷᠡᠭᠯᠡᠬᠦ ᠲᠤᠬᠠᠢ ᠮᠡᠳᠡᠯᠭᠡ᠂ ᠰᠦᠢᠳᠬᠡᠯ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠶᠡᠭᠡ ᠲᠥᠬᠦᠮ ᠪᠠᠶᠢᠨ᠎ᠠ᠂ ᠲᠡᠭᠦᠨ ᠠᠴᠠ ᠠᠰᠠᠭᠤᠬᠤ ᠳᠤ ᠪᠦᠷ ᠮᠡᠳᠡᠴᠢᠬᠡᠨ᠎ᠡ︾ ᠭᠡᠵᠦ ᠪᠠᠶᠢᠯ᠎ᠠ᠃      ᠨᠠᠰᠤᠲᠠᠶᠢᠴᠤᠳ ᠪᠠ ᠬᠡᠤᠬᠡᠳ ᠲᠤ ᠡᠳᠦᠷ ᠲᠤᠳᠤᠮ ᠤᠨ ᠤᠰᠤᠨ ᠤ ᠶᠠᠪᠤᠳᠠᠯ ᠤᠨ ᠬᠠᠮᠢᠶᠠᠷᠤᠭᠴᠢ ᠶᠢᠨ ᠦᠢᠯᠡᠴᠢᠯᠡᠭᠡ ᠶᠢ ᠬᠠᠩᠭᠠᠬᠤ ᠶᠢᠨ ᠲᠥᠯᠦᠭᠡ᠂ ᠡᠵᠡᠨ ᠬᠤᠷᠤᠭ᠎ᠠ ᠬᠤᠰᠢᠭᠤᠨ ᠤ ᠱᠠᠩ ᠱᠠᠨ ᠤᠰᠤ ᠬᠠᠩᠭᠠᠬᠤ ᠬᠢᠵᠠᠭᠠᠷᠲᠤ ᠺᠣᠮᠫᠠᠨᠢ ᠶᠢᠨ ᠬᠢᠨ ᠤᠢᠢᠷ᠎ᠠ ᠶᠢᠨ ᠡᠳᠦᠷ AI ᠣᠶᠤᠨᠴᠢ ᠭᠠᠷ ᠠᠪᠤᠯᠭ᠎ᠠ ᠶᠢ ᠭᠡᠷᠡᠭᠵᠢᠬᠦᠯᠵᠦ᠂ ᠦᠢᠯᠡᠳᠬᠦᠨ ᠨᠢ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠪᠣᠯᠤᠨ ᠵᠣᠬᠢᠶᠠᠮᠠᠯ ᠤᠶᠤᠨᠴᠢ ᠮᠡᠷᠭᠡᠵᠢᠯ ᠤᠨ ᠭᠦᠨᠵᠡᠭᠡᠢ ᠠᠭᠤᠰᠤᠯᠴᠠᠯ ᠢᠶᠠᠷ ᠲᠠᠮᠵᠢᠨ ᠺᠣᠮᠫᠠᠨᠢ ᠶᠢᠨ ᠎ ᠬᠢᠨ ᠨᠠᠰᠤᠳᠠᠶᠢᠴᠤᠳ ᠪᠠ ᠬᠡᠦᠬᠡᠳ ᠲᠤ ᠳᠤᠬᠢᠷᠠᠬᠤ ᠨᠥᠬᠦᠷᠰᠡᠭ ᠦᠢᠯᠡᠴᠢᠯᠡᠭᠡᠨ ᠤ ᠰᠢᠨ᠎ᠡ ᠵᠠᠭᠪᠤᠷ ᠢ ᠡᠭᠦᠳᠴᠡᠢ᠃      ᠲᠣᠰ ᠲᠥᠬᠦᠭᠡᠷᠦᠮᠵᠢ ᠨᠢ ᠨᠤᠳᠤᠭ ᠤᠨ ᠠᠶᠠᠯᠭᠤ ᠪᠠᠷ ᠶᠠᠷᠢᠭᠰᠠᠨ ᠢ AI ᠠᠪᠢᠶᠠᠨ ᠤ ᠰᠢᠰᠲ᠋ᠧᠮ ᠵᠤᠬᠢᠴᠠᠯᠳᠤᠵᠤ᠂ ᠣᠯᠠᠨ ᠭᠠᠵᠠᠷ ᠤᠨ ᠨᠤᠲᠤᠭ ᠤᠨ ᠠᠶᠠᠯᠭᠤ ᠪᠠᠷ ᠶᠠᠷᠢᠭᠰᠠᠨ ᠤᠰᠤ ᠬᠡᠷᠡᠭᠯᠡᠬᠦ ᠵᠥᠪᠯᠡᠯᠭᠡ᠂ ᠺᠣᠮᠫᠠᠨᠢ ᠶᠢᠨ ᠦᠢᠯᠡᠴᠢᠯᠡᠭᠡᠨ ᠤ ᠬᠠᠯᠠᠮᠰᠢᠯ ᠤᠲᠠᠰᠤ᠂ ᠤᠰᠤᠨ ᠰᠦᠢᠳᠬᠡᠯ ᠤᠨ ᠲᠥᠷᠥ ᠶᠢᠨ ᠪᠣᠳᠣᠯᠭ᠎ᠠ᠂ ᠤᠰᠤᠨ ᠤ ᠦᠨ᠎ᠡ ᠶᠢᠨ ᠪᠠᠷᠢᠮᠵᠢᠶ᠎ᠠ ᠵᠡᠷᠭᠡ ᠴᠢᠳᠠᠮᠵᠢ ᠶᠢᠨ ᠠᠰᠠᠭᠤᠨ ᠯᠠᠪᠯᠠᠯᠳᠠ ᠶᠢ ᠬᠦᠯᠢᠶᠡᠨ ᠠᠪᠳᠠᠭ᠃ ᠣᠨᠴᠠᠭᠠᠶᠢᠯᠠᠨ ᠲᠣᠬᠢᠷᠠᠭᠤᠯᠤᠭᠰᠠᠨ ︽ᠤᠶᠤᠨᠴᠢ ᠠᠪᠢᠶ᠎ᠠ + ᠪᠣᠳᠠᠲᠤ ᠳᠠᠷᠤᠭᠤᠯ︾᠎ ᠤᠨ ᠬᠤᠤᠰ ᠵᠠᠭᠪᠤᠷ ᠤᠨ ᠰᠣᠯᠢᠯᠴᠠᠭᠰᠠᠨ ︽ᠨᠠᠰᠤᠲᠠᠶᠢᠴᠤᠳ ᠤᠨ ᠵᠠᠭᠪᠤᠷ︾᠎ ᠨᠢ 3 ᠳᠠᠬᠢᠨ ᠢᠶᠠᠷ ᠲᠠᠭᠤᠨ ᠤ ᠬᠡᠮᠵᠢᠶ᠎ᠡ ᠶᠢ ᠨᠡᠮᠡᠭᠳᠡᠭᠦᠯᠬᠦ ᠪᠠ ᠭᠡᠯᠡᠬᠦ ᠬᠤᠷᠳᠤᠴᠠ ᠶᠢ ᠲᠣᠬᠢᠷᠠᠭᠤᠯᠬᠤ ᠶᠢ ᠬᠠᠩᠭᠠᠨ᠂ ︽ᠬᠡᠤᠬᠡᠳ ᠤᠨ ᠵᠠᠭᠪᠤᠷ︾᠎ ᠲᠤ ᠰᠣᠨᠢᠷᠬᠠᠯ ᠲᠠᠢ ᠤᠰᠤᠨ ᠤ ᠲᠤᠬᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠳᠣᠲᠣᠷ᠎ᠠ ᠨᠢ ᠪᠠᠶᠢᠷᠢᠯᠠᠭᠤᠯᠵᠤ᠂ ᠡᠳᠦᠷ ᠪᠦᠷᠢ ᠳᠤᠮᠳᠠᠴᠢ ᠪᠠᠷ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠠᠭᠤᠯᠭ᠎ᠠ ᠶᠢ 200 ᠭᠠᠷᠤᠶ ᠵᠤᠷᠪᠤᠰ ᠰᠢᠨᠡᠳᠬᠡᠵᠦ᠂ ᠨᠠᠰᠤᠲᠠᠶᠢᠴᠤᠳ ᠤᠨ ᠴᠠᠬᠢᠮ ᠵᠠᠭᠠᠭ︾ ᠪᠠ ︽ᠵᠠᠯᠠᠭᠤᠴᠤᠳ ᠪᠠᠭᠠᠴᠤᠳ ᠤᠨ ᠭᠠᠷ ᠤᠲᠠᠰᠤᠨ ᠳᠤ ᠲᠦᠰᠢᠭᠯᠡᠬᠦ︾ ᠬᠤᠶᠠᠷ ᠶᠡᠭᠡ ᠨᠡᠶᠢᠭᠡᠮ ᠤᠨ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠱᠠᠩ ᠱᠠᠨ ᠤᠰᠤ ᠬᠠᠩᠭᠠᠬᠤ ᠬᠢᠵᠠᠭᠠᠷᠲᠤ ᠺᠣᠮᠫᠠᠨᠢ ᠠᠴᠠ ᠤᠶᠤᠨᠴᠢ ᠤᠰᠤᠨ ᠤ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠵᠦ᠂ ᠬᠤᠰᠢᠭᠤᠷᠠᠯ ᠮᠡᠷᠭᠡᠵᠢᠯ ᠢ ᠭᠦᠨᠵᠡᠭᠡᠢ ᠰᠥᠪᠡᠭᠴᠢᠯᠡᠨ᠂ DeepSeek ᠵᠠᠭᠪᠤᠷ ᠢ ᠤᠰᠤᠨ ᠤ ᠶᠠᠪᠤᠳᠠᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠣᠷᠣᠭᠤᠯᠬᠤ ᠶᠢᠨ ᠬᠠᠮᠲᠤ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠨᠠᠰᠤᠲᠠᠶᠢᠴᠤᠳ ᠭᠡᠤᠭᠡᠳ ᠲᠤ ᠳᠤᠬᠢᠷᠠᠬᠤ ᠬᠠᠷᠢᠯᠴᠠᠨ ᠰᠤᠯᠢᠭᠳᠠᠬᠤ ᠲᠦᠰᠤᠪ ᠢ ᠦᠷᠭᠦᠯᠵᠢᠯᠡᠨ ᠰᠢᠯᠢᠳᠡᠭᠵᠢᠭᠦᠯᠵᠦ᠂ ᠲᠥᠬᠦᠭᠡᠷᠦᠮᠵᠢ ᠶᠢᠨ ︽ᠰᠤᠷᠤᠯᠴᠠᠬᠤ ᠦᠭᠡᠢ ᠪᠠᠷ ᠭᠡᠷᠡᠭᠯᠡᠵᠦ ᠪᠤᠯᠬᠤ︾  ᠪᠠᠷᠢᠮᠵᠢᠶ᠎ᠠ ᠳᠤ ᠬᠦᠷᠭᠡᠬᠦ ᠶᠢ ᠪᠠᠲᠤᠯᠠᠨ᠂ AI ᠮᠡᠷᠭᠡᠵᠢᠯ ᠪᠣᠯᠤᠨ ᠤᠰᠤ ᠬᠠᠩᠭᠠᠬᠤ ᠦᠢᠯᠡᠴᠢᠯᠡᠭᠡᠨ ᠤ ᠭᠦᠨᠵᠡᠭᠡᠢ ᠠᠭᠤᠰᠤᠯᠴᠠᠯ ᠢ ᠠᠬᠢᠭᠤᠯᠤᠨ᠂ ︽ᠤᠶᠤᠨᠴᠢ ᠤᠰᠤᠨ ᠤ ᠶᠠᠪᠤᠳᠠᠯ + ᠠᠮᠢᠳᠤᠷᠠᠯ︾᠎ ᠤᠨ ᠦᠢᠯᠡᠴᠢᠯᠡᠭᠡᠨ ᠤ ᠰᠢᠨ᠎ᠡ ᠪᠠᠶᠢᠳᠠᠯ ᠢ ᠪᠣᠶ ᠪᠣᠯᠭᠠᠬᠤ ᠪᠠᠷ ᠪᠠᠶᠢᠨ᠎ᠠ᠃                                       
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ