| 115 ᠳᠠᠬᠢ ᠤᠳᠠᠭᠠᠨ ᠤ ︽3·8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠤ ᠢᠷᠡᠬᠦ ᠲᠠᠰᠢᠷᠠᠮ ᠢᠶᠠᠷ᠂ ᠬᠤᠰᠢᠭᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠡᠮᠡᠭᠲᠡᠶᠢᠴᠦᠳ ᠤᠨ ᠬᠤᠯᠪᠣᠭ᠎ᠠ ᠶᠢᠨ | ᠵᠣᠬᠢᠶᠠᠨ ᠪᠠᠶᠢᠭᠤᠯᠤᠯᠲᠠ ᠶᠢᠨ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠢᠯᠡᠳᠬᠡᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ | ᠡᠮᠡᠭᠲᠡᠶᠢᠴᠦᠳ ᠤᠨ ᠬᠤᠯᠪᠤᠭᠠᠳᠤ ᠬᠤᠷᠠᠯ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠲᠣᠬᠤᠨᠢᠭᠤᠯᠭ᠎ᠠ ᠶᠢᠨ ᠠᠵᠢᠯᠯᠠᠭ᠎ᠠ ᠦᠷᠨᠢᠭᠦᠯᠪᠡ᠃ | ᠡᠨᠡ ᠬᠦ ᠲᠠᠰᠢᠷᠠᠮ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠰᠢᠶᠣᠤ | ᠳ᠋ᠦᠡᠭ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ᠂ ᠬᠤᠰᠢᠭᠤᠨ ᠤ ᠡᠬᠡ ᠨᠢᠯᠬᠠᠰ ᠡᠷᠡᠬᠦᠯᠵᠢᠯ ᠤᠨ ᠡᠮᠨᠡᠯᠭᠡ ᠶᠢᠨ ᠬᠤᠷᠢᠶ᠎ᠠ᠂ ᠮᠢ ᠳ᠋ᠦᠸᠧ | ᠳ᠋ᠦᠸᠧ ᠠᠮᠢᠳᠤᠷᠠᠯ ᠤᠨ ᠦᠢᠯᠡᠴᠢᠯᠡᠭᠡᠨ ᠤ ᠺᠣᠮᠫᠠᠨᠢ ᠪᠠᠷ ᠬᠦᠷᠴᠤ ᠪᠤᠯᠭᠤᠭᠠᠨ ᠲᠤᠬᠤᠨᠢᠭᠤᠯᠵᠤ᠂ ᠲᠡᠳᠡᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠨ | ᠦᠷᠭᠦᠯᠵᠢᠯᠡᠨ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠪᠦᠬᠦ ᠬᠤᠰᠢᠭᠤᠨ ᠤ | ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠦᠢᠯᠡᠰ ᠢ ᠰᠢᠨ᠎ᠡ ᠳᠡᠭᠲᠡᠷ ᠲᠤ ᠭᠠᠷᠭᠠᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠶᠢ ᠵᠣᠷᠢᠭᠵᠢᠭᠤᠯᠪᠠ᠃ | ᠮᠦᠨ ᠴᠤ ᠮᠢ ᠳ᠋ᠦᠸᠧ ᠳ᠋ᠦᠸᠧ ᠠᠮᠢᠳᠤᠷᠠᠯ ᠤᠨ ᠦᠢᠯᠡᠴᠢᠯᠡᠭᠡᠨ ᠤ ᠺᠣᠮᠫᠠᠨᠢ ᠶᠢᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠨᠡᠩ ᠣᠯᠠᠨ | ᠡᠮᠡᠭᠲᠡᠶᠢᠴᠦᠳ ᠢ ᠳᠠᠶᠢᠴᠢᠯᠠᠨ ᠠᠮᠢᠳᠤᠯᠢᠭ ᠢᠶᠠᠷ ᠠᠵᠢᠯ ᠣᠯᠭᠤᠬᠤ ᠶᠢ ᠪᠡᠶᠡᠯᠡᠭᠦᠯᠵᠦ᠂ ᠭᠡᠷ ᠪᠦᠯᠢ ᠶᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠯ ᠤᠨ ᠵᠠᠮ ᠢᠶᠠᠷ | ᠵᠠᠮᠨᠠᠬᠤ ᠶᠢ ᠵᠣᠷᠢᠭᠵᠢᠭᠤᠯᠤᠭᠰᠠᠨ ᠪᠠᠶᠢᠨ᠎ᠠ | ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠠᠴᠠ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ᠂ ᠨᠢᠭᠡᠳᠦᠭᠡᠷ | ᠹᠷᠣᠨᠲ ᠤᠨ ᠡᠮᠡᠭᠲᠡᠢ ᠠᠵᠢᠯᠲᠠᠨ ᠠᠵᠢᠯᠴᠢᠨ ᠤ ᠲᠥᠯᠥᠭᠡᠯᠡᠭᠴᠢ᠂ ᠡᠮᠡᠭᠲᠡᠢ ᠰᠠᠶᠢᠨ ᠳᠤᠷᠠᠴᠤᠳ ᠪᠠ ᠶᠠᠳᠠᠭᠤ ᠬᠦᠴᠢᠷᠳᠡᠯᠲᠡᠢ ᠡᠮᠡᠭᠲᠡᠶᠢᠴᠦᠳ ᠬᠡᠦᠬᠡᠳ ᠢ | ᠲᠣᠬᠤᠨᠢᠭᠤᠯᠵᠤ᠂ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠡᠮᠡᠭᠲᠡᠢ ᠠᠵᠢᠯᠲᠠᠨ ᠠᠵᠢᠯᠴᠢᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ | ᠲᠡᠳᠡᠨ ᠤ ᠰᠡᠳᠬᠢᠯ ᠤᠨ ᠳᠠᠭᠤᠨ ᠢ ᠰᠣᠨᠣᠰᠴᠤ ᠪᠣᠳᠣᠯ ᠰᠠᠨᠠᠭ᠎ᠠ ᠶᠢ ᠨᠢ ᠤᠶᠢᠯᠠᠭᠠᠨ᠂ ᠥᠷᠭᠡᠨ ᠣᠯᠠᠨ ᠡᠮᠡᠭᠲᠡᠶᠢᠴᠦᠳ ᠪᠠ ᠬᠡᠦᠬᠡᠳ ᠲᠤ ᠡᠮᠡᠭᠲᠡᠶᠢᠴᠦᠳ ᠤᠨ | ᠬᠤᠯᠪᠣᠭᠠᠨ ᠤ ᠵᠣᠬᠢᠶᠠᠨ ᠪᠠᠶᠢᠭᠤᠯᠤᠯᠲᠠ ᠶᠢᠨ ︽ᠲᠦᠷᠬᠦᠮ︾ ᠤᠨ ᠬᠠᠯᠠᠭᠤᠨ ᠳᠤᠯᠠᠭᠠᠨ ᠢ ᠮᠡᠳᠡᠷᠡᠭᠦᠯᠵᠡᠢ᠃ |