ᠡᠵᠡᠨ ᠬᠤᠷᠤᠭ᠎ᠠ ᠬᠤᠰᠢᠭᠤ᠄ ᠪᠣᠳᠠᠲᠤ ᠠᠵᠢᠯ ᠤᠨ ᠪᠤᠯᠪᠠᠰᠤᠷᠠᠯ ᠦᠷᠨᠢᠬᠦᠯᠦᠨ ᠴᠡᠷᠢᠭ ᠤᠨ ᠬᠦᠴᠤᠨ ᠢ ᠰᠢᠯᠢᠳᠡᠭᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2025/3/9
      ᠴᠡᠷᠢᠭ ᠠᠩᠬᠢ ᠶᠢᠨ ᠪᠣᠳᠠᠲᠤ ᠠᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠶᠡᠭᠡ ᠠᠩᠬᠢ ᠶᠢᠨ ᠬᠢᠨ ᠡᠳᠦᠷ ᠳᠤᠳᠤᠮ ᠤᠨ ᠪᠣᠯᠪᠠᠰᠤᠷᠠᠯ ᠪᠣᠯᠤᠨ ᠬᠠᠪᠤᠷ ᠤᠨ ᠤᠯᠠᠷᠢᠯ ᠤᠨ ᠲᠤᠰᠬᠠᠢ ᠲᠦᠷᠦᠯ ᠤᠨ ᠪᠣᠯᠪᠠᠰᠤᠷᠠᠯ ᠲᠠᠢ ᠤᠶᠠᠯᠳᠤᠭᠤᠯᠵᠤ᠂ ᠪᠡᠶ᠎ᠡ ᠶᠢᠨ ᠪᠤᠯᠪᠠᠰᠤᠷᠠᠯ᠂ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ᠂ ᠪᠤᠳᠠᠳᠤ ᠠᠵᠢᠯ ᠤᠨ ᠪᠤᠯᠪᠠᠰᠤᠷᠠᠯ ᠵᠡᠷᠭᠡ ᠭᠤᠣᠯ ᠲᠦᠷᠦᠯ ᠵᠦᠢᠯ ᠤᠨ ᠲᠣᠭᠤᠷᠢᠨ ᠳᠤ ᠥᠨᠳᠥᠷ ᠬᠦᠴᠦᠯᠡᠴᠡ ᠲᠠᠢ ᠲᠦᠪᠯᠡᠷᠡᠩᠬᠦᠢ ᠪᠤᠯᠪᠠᠰᠤᠷᠠᠯ ᠦᠷᠨᠢᠬᠦᠯᠵᠦ᠂ ︽ᠲᠠᠲᠠᠵᠤ ᠳᠡᠶᠢᠯᠬᠦ᠂ ᠰᠢᠪᠲᠤᠯᠵᠤ ᠳᠡᠶᠢᠯᠬᠦ᠂ ᠪᠠᠶᠢᠯᠳᠤᠵᠤ ᠳᠡᠶᠢᠯᠬᠦ︾ ᠳᠣᠲᠣᠭᠠᠳᠤ ᠶᠢ ᠬᠠᠮᠠᠭᠠᠯᠠᠬᠤ ᠴᠡᠷᠢᠭ ᠢ ᠬᠦᠴᠦᠯᠡᠨ ᠳᠠᠪᠲᠠᠨ ᠪᠤᠯᠪᠠᠰᠤᠷᠠᠭᠤᠯᠵᠤ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠨᠢ ᠪᠣᠳᠠᠲᠤ ᠠᠵᠢᠯ ᠤᠨ ᠠᠷᠭ᠎ᠠ ᠪᠠᠷᠢᠯ ᠢᠶᠠᠷ ᠤᠳᠤᠷᠢᠳᠤᠮᠵᠢ ᠪᠣᠯᠭᠠᠵᠤ᠂ ᠪᠡᠶ᠎ᠡ ᠶᠢᠨ ᠪᠣᠯᠪᠠᠰᠤᠷᠠᠯ ᠳᠤ ᠬᠤᠯᠠ ᠭᠦᠶᠦᠬᠦ ᠵᠡᠷᠭᠡ ᠶᠢᠨ ᠰᠠᠭᠤᠷᠢ ᠴᠢᠨᠠᠷᠳᠠᠢ ᠪᠤᠯᠪᠠᠰᠤᠷᠠᠯ ᠢ ᠪᠠᠭᠳᠠᠭᠠᠵᠤ᠂ ᠴᠠᠭᠳᠠᠭᠠᠨ ᠤ ᠲᠡᠰᠪᠦᠷᠢ ᠬᠠᠳᠠᠭᠤᠵᠢᠯᠳᠠᠢ ᠪᠠᠶᠢᠬᠤ ᠪᠠ ᠬᠦᠴᠦᠨ ᠴᠢᠳᠠᠯ ᠢ ᠲᠡᠭᠡᠭᠰᠢᠯᠡᠬᠦᠯᠵᠦ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠤ ᠫᠤᠤ ᠵᠡᠪᠰᠡᠭ ᠤᠨ ᠲᠤᠬᠠᠢ ᠪᠤᠯᠪᠠᠰᠤᠷᠠᠯ᠂ ᠴᠠᠭᠳᠠᠭᠠᠨ ᠤ ᠵᠡᠷ ᠵᠡᠪᠰᠡᠭ ᠤᠨ ᠭᠡᠷᠡᠭᠯᠡᠭᠡ ᠵᠢᠴᠢ ᠨᠣᠴᠣᠯᠳᠤᠨ ᠪᠠᠶᠢᠯᠳᠤᠬᠤ ᠳᠠᠭᠤᠷᠢᠶᠠᠮᠠᠯ ᠰᠣᠷᠢᠯᠲᠠ ᠶᠢ ᠭᠤᠤᠯᠳᠠᠯᠭ᠎ᠠ ᠲᠠᠢ ᠥᠷᠨᠢᠭᠦᠯᠵᠦ᠂ ᠪᠤᠳᠤᠯᠢᠶᠠᠨᠲᠠᠶ ᠪᠠᠶᠢᠳᠠᠯ ᠳᠣᠤᠷᠠᠬᠢ ᠲᠦᠷᠭᠡᠨ ᠲᠤᠰᠬᠠᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠤᠳᠠᠳᠤ ᠠᠵᠢᠯ ᠤᠨ ᠪᠤᠯᠪᠠᠰᠤᠷᠠᠯ ᠳᠤ ᠪᠦᠯᠬᠦᠮ ᠨᠡᠶᠢᠲᠡ ᠶᠢᠨ ᠬᠠᠮᠵᠢᠯᠴᠠᠭᠠᠨ ᠤ ᠰᠣᠷᠢᠯᠲᠠ ᠪᠠᠷ ᠳᠠᠮᠵᠢᠭᠤᠯᠤᠨ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠶᠠᠪᠤᠴᠠ ᠳᠠᠬᠢ ᠬᠠᠮᠵᠢᠯᠴᠠᠭ᠎ᠠ ᠪᠠᠨ ᠴᠢᠩᠭᠠᠳᠬᠠᠭᠰᠠᠨ ᠪᠠᠶᠢᠨ᠎ᠠ᠃      ︽ᠪᠣᠯᠪᠠᠰᠤᠷᠠᠯ ᠪᠠᠶᠢᠯᠳᠤᠭᠠᠨ ᠢ ᠨᠢᠭᠡ ᠴᠤᠭᠴᠠᠵᠢᠭᠤᠯᠬᠤ︾ ᠵᠠᠷᠴᠢᠮ ᠢ ᠪᠠᠷᠢᠮᠲᠠᠯᠠᠨ᠂ ᠭᠠᠷᠠᠭ ᠪᠦᠷᠢ ᠳᠡᠯᠭᠡᠨ ᠦᠵᠡᠬᠦᠯᠭᠡ ᠬᠢᠵᠤ ᠬᠢᠨᠠᠨ ᠵᠢᠯᠣᠭᠤᠳᠴᠤ ᠪᠠᠶᠢᠴᠠᠭᠠᠨ᠂ ᠲᠤᠬᠠᠶ ᠶᠢᠨ ᠲᠠᠯᠠᠪᠤᠷ ᠲᠤ ᠲᠣᠭᠤᠷᠢᠨ ᠦᠵᠡᠬᠦ᠂ ᠰᠠᠨᠠᠮᠰᠠᠷ ᠦᠭᠡᠢ ᠶᠢᠨ ᠰᠤᠭᠤᠴᠢᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠪᠣᠯᠪᠠᠰᠤᠷᠠᠯ ᠤᠨ ᠠᠬᠢᠴᠠ ᠶᠢ ᠬᠥᠳᠡᠯᠦᠩᠭᠦᠶ ᠪᠠᠷ ᠡᠵᠡᠮᠳᠡᠵᠦ᠂ ᠰᠤᠷᠭᠠᠭᠴᠢ ᠶᠢᠨ ᠪᠦᠯᠬᠦᠮ ᠤᠨ ᠰᠢᠨ᠎ᠡ ᠶᠢ ᠡᠭᠦᠳᠬᠦ ︽ᠲᠠᠪᠤᠨ ᠠᠯᠬᠤᠮ ᠢᠶᠠᠷ ᠶᠠᠪᠤᠬᠤ︾ ᠪᠣᠯᠪᠠᠰᠤᠷᠠᠯ ᠤᠨ ᠠᠷᠭ᠎ᠠ ᠶᠢ ᠣᠷᠣᠭᠤᠯᠤᠨ ᠠᠪᠴᠢᠷᠠᠵᠤ᠂ ᠬᠦᠮᠦᠨ ᠬᠦᠮᠤᠨ ᠤ ᠵᠦᠷᠢᠶᠡᠨ ᠲᠠᠢ ᠪᠠᠶᠢᠭ᠎ᠠ ᠪᠠᠶᠢᠳᠠᠯ ᠢ ᠦᠨᠳᠦᠰᠦᠯᠡᠨ ᠥᠪᠡᠷᠮᠢᠴᠡ ᠲᠥᠰᠦᠯ ᠲᠣᠭᠲᠠᠭᠠᠵᠤ᠂ ︽ᠦᠵᠡᠯ ᠰᠠᠨᠠᠭ᠎ᠠ ᠶᠢ ᠨᠢᠭᠡᠳᠬᠡᠬᠦ᠂ ᠰᠠᠭᠤᠷᠢ ᠶᠢ ᠪᠠᠲᠤᠳᠬᠠᠬᠤ᠂ ᠨᠠᠷᠢᠯᠢᠭ ᠣᠨᠣᠪᠴᠢᠲᠠᠢ ᠠᠳᠬᠤᠬᠤ᠂ ᠬᠠᠷᠠᠯᠲᠠ ᠲᠣᠭᠲᠠᠭᠠᠬᠤ᠂ ᠪᠣᠳᠠᠲᠤ ᠠᠮᠵᠢᠯᠲᠠ ᠶᠢ ᠲᠡᠮᠡᠴᠡᠨ ᠤᠯᠬᠤ︾ ᠰᠢᠨᠵᠢᠯᠡᠬᠦ ᠤᠬᠠᠭᠠᠨᠴᠢ ᠰᠢᠰᠲ᠋ᠧᠮ ᠢ ᠪᠠᠶᠢᠭᠤᠯᠬᠤ ᠶᠢᠨ ᠬᠠᠮᠲᠤ ᠳᠠᠭᠤᠷᠢᠶᠠᠮᠠᠯ ᠪᠣᠳᠠᠲᠤ ᠪᠠᠶᠢᠯᠳᠤᠭᠠᠨ ᠤ ᠲᠠᠯᠠᠪᠤᠷ ᠢ ᠣᠷᠣᠭᠤᠯᠤᠨ ᠠᠪᠴᠢᠷᠠᠵᠤ᠂ ᠤᠷ᠎ᠠ ᠴᠢᠳᠠᠪᠤᠷᠢ ᠪᠠ ᠪᠠᠶᠢᠯᠳᠤᠬᠤ ᠠᠷᠭ᠎ᠠ ᠶᠢ ᠰᠢᠭᠤᠳ ᠵᠣᠯᠭᠠᠭᠤᠯᠬᠤ ᠶᠢ ᠦᠨᠡᠨ ᠬᠦ ᠪᠠᠲᠤᠯᠠᠵᠤ ᠪᠠᠶᠢᠨ᠎ᠠ᠃      ᠪᠣᠯᠪᠠᠰᠤᠷᠠᠯ ᠨᠢ ᠴᠠᠭᠳᠠᠭᠠᠨ ᠤ ᠲᠤᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠪᠣᠯᠤᠨ ᠲᠠᠶᠢᠴᠢᠨ ᠬᠦᠴᠦᠨ ᠢ ᠴᠢᠩᠭᠠᠳᠬᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                                        
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ