ᠡᠵᠡᠨ ᠬᠤᠷᠤᠭ᠎ᠠ ᠬᠤᠰᠢᠭᠤᠨ ᠤ ︽ᠱᠦᠵᠢ ᠬᠤᠰᠢᠭᠤ ᠳᠠᠷᠤᠭ᠎ᠠ · ᠢ ᠴᠢ ᠪᠠᠨ︾ ᠰᠦᠯᠵᠢᠶᠡᠨ ᠳᠡᠭᠡᠷ᠎ᠡ ᠵᠠᠭᠠᠯᠳᠤᠯᠭ᠎ᠠ ᠶᠢ ᠭᠦᠢᠴᠡᠳᠭᠡᠬᠦ ᠲᠠᠪᠴᠠᠩ | ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠡᠵᠡᠨ ᠬᠤᠷᠤᠭ᠎ᠠ ᠬᠤᠰᠢᠭᠤᠨ ᠳᠤ ᠳᠠᠩᠰᠠᠯᠠᠭᠤᠯᠤᠭᠰᠠᠨ ᠪᠣᠶ ᠪᠥᠬᠦᠶ ᠠᠵᠤ ᠠᠬᠤᠶᠢᠯᠠᠯ ᠪᠠ ᠵᠠᠬ᠎ᠠ ᠳᠡᠯᠭᠡᠭᠦᠷ ᠤᠨ ᠭᠤᠤᠯ | ᠴᠣᠭᠴᠠ ᠴᠥᠮ ᠲᠠᠪᠴᠠᠩ ᠢᠶᠠᠷ ᠳᠠᠮᠵᠢᠭᠤᠯᠤᠨ ᠪᠥᠲᠥᠭᠡᠨ ᠪᠠᠶᠢᠭᠤᠯᠬᠤ ᠪᠠ ᠡᠵᠡᠩᠨᠡᠬᠦ ᠶᠠᠪᠤᠴᠠ ᠳᠤ ᠲᠣᠬᠢᠶᠠᠯᠳᠤᠭᠰᠠᠨ ᠲᠥᠷᠥᠯ ᠵᠤᠶᠢᠯ ᠢ ᠬᠢᠨᠠᠨ ᠵᠦᠪᠰᠢᠶᠡᠷᠡᠭᠦᠯᠬᠦ᠂ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠦᠢᠯᠡᠳᠪᠤᠷᠢᠯᠡᠯ ᠪᠣᠷᠣᠯᠠᠭᠤᠯᠭ᠎ᠠ ᠵᠡᠷᠭᠡ ᠠᠰᠠᠭᠤᠳᠠᠯ ᠢ ᠲᠤᠰᠬᠠᠵᠤ | ᠪᠤᠯᠬᠤ ᠪᠣᠯᠵᠠᠢ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠤᠷᠠᠳᠤᠭᠰᠠᠨ ᠬᠦᠰᠡᠯ ᠱᠠᠭᠠᠷᠳᠠᠯᠭ᠎ᠠ ᠨᠢ ᠱᠦᠵᠢ᠂ ᠬᠤᠰᠢᠭᠤ ᠳᠠᠷᠤᠭ᠎ᠠ ᠳᠤ ᠰᠢᠭᠤᠳ ᠲᠤᠰᠬᠠᠭᠳᠠᠵᠣ᠂ ᠱᠦᠵᠢ᠂ | ᠬᠤᠰᠢᠭᠤ ᠳᠠᠷᠤᠭ᠎ᠠ ᠪᠡᠶ᠎ᠡ ᠪᠠᠷ ᠢᠶᠠᠨ ᠰᠢᠪᠠᠳᠠᠨ ᠰᠢᠢᠳᠪᠤᠷᠢᠯᠡᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢᠨ | ᠶᠠᠪᠤᠳᠠᠯ ᠪᠦᠬᠦᠨ ᠳᠤ ᠬᠠᠷᠢᠭᠤ ᠥᠭᠴᠦ᠂ ᠤᠴᠢᠷ ᠪᠣᠯᠭᠠᠨ ᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | 2023 ᠣᠨ ᠤ 7 ᠳ᠋ᠤᠭᠠᠷ ᠰᠠᠷ᠎ᠠ ᠶᠢᠨ 5 ᠤ ᠡᠳᠦᠷ ᠪᠠᠶᠢᠭᠤᠯᠤᠭᠳᠠᠭᠰᠠᠨ ᠥᠪᠥᠷ ᠮᠣᠩᠭᠤᠯ ᠤᠨ ᠪᠧᠷᠢᠯᠢ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠨᠢ ᠤᠯᠤᠰ ᠤᠨ ᠪᠠᠴᠢᠮ ᠬᠡᠷᠡᠭᠰᠡᠬᠦ ᠵᠠᠩᠭᠢᠯᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠲᠡᠮᠦᠷᠯᠢᠭ ᠪᠧᠷᠢᠯᠢ ᠮᠠᠲ᠋ᠧᠷᠢᠶᠠᠯ ᠢ ᠨᠡᠭᠡᠭᠡᠨ | ᠠᠰᠢᠭᠯᠠᠬᠤ ᠳᠤ ᠣᠷᠳᠣ ᠬᠤᠭᠤᠴᠠᠭ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠠᠪᠤᠴᠠ ᠶᠢᠨ | ᠢᠨᠵᠧᠨᠧᠷᠢᠩ ᠤᠨ ᠰᠤᠳᠤᠯᠬᠤ ᠭᠠᠵᠠᠷ ᠤᠨ ᠨᠦᠢᠲᠠᠨ ᠠᠷᠭ᠎ᠠ ᠪᠠᠷ ᠲᠡᠮᠦᠷᠯᠢᠭ ᠬᠠᠶᠢᠯᠤᠭᠤᠯᠬᠤ ᠤᠯᠤᠰ ᠤᠨ ᠢᠨᠵᠧᠨᠧᠷᠢᠩ ᠤᠨ ᠲᠤᠷᠰᠢᠯᠲᠠ ᠶᠢᠨ ᠲᠠᠰᠤᠭ ᠤᠨ | ᠣᠭᠲᠠᠷᠭᠤᠶ ᠶᠢᠨ ᠴᠥᠮ᠎ᠡ ᠶᠢᠨ ᠰᠤᠳᠤᠯᠭᠠᠨ ᠤ ᠪᠦᠯᠬᠦᠮ ᠨᠡᠶᠢᠲᠡ ᠳᠤ ᠲᠦᠰᠢᠭᠯᠡᠨ ᠥᠨᠳᠥᠷ ᠴᠡᠪᠡᠷᠴᠡ ᠲᠠᠢ ᠲᠡᠮᠦᠷᠯᠢᠭ ᠪᠧᠷᠢᠯᠢ ᠮᠠᠲ᠋ᠧᠷᠢᠶᠠᠯ ᠪᠠ ᠳᠡᠭᠡᠳᠦ ᠲᠠᠰ ᠤᠨ | ᠪᠧᠷᠢᠯᠢ ᠶᠢᠨ ᠬᠠᠶᠢᠯᠤᠰᠢ ᠶᠢᠨ ᠪᠦᠷᠢᠨ ᠰᠢᠷᠢᠰ ᠭᠤᠤᠯᠯᠠᠬᠤ ᠮᠡᠷᠭᠡᠵᠢᠯ ᠢ ᠠᠮᠵᠢᠯᠲᠠᠲᠠᠶ ᠰᠤᠳᠤᠯᠤᠨ ᠨᠡᠭᠡᠭᠡᠵᠦ᠂ 2023 ᠣᠨ ᠤ 9 ᠳ᠋ᠤᠬᠡᠷ ᠰᠠᠷ᠎ᠠ ᠳᠤ ᠡᠵᠡᠨ | ᠬᠤᠷᠤᠭ᠎ᠠ ᠬᠤᠰᠢᠭᠤᠨ ᠤ ᠵᠠᠪᠰᠠᠷ ᠤᠨ ᠲᠤᠷᠰᠢᠯᠲᠠ ᠶᠢᠨ ᠤᠯᠠᠷᠢᠭᠤᠯᠬᠤ ᠰᠠᠭᠤᠷᠢᠨ ᠭᠠᠵᠠᠷ ᠲᠤ ᠨᠤᠳᠤᠭᠰᠢᠵᠤ ᠨᠢᠭᠡᠳᠦᠭᠡᠷ ᠬᠤᠭᠤᠴᠠᠭᠠᠨ ᠤ ᠵᠠᠪᠰᠠᠷ ᠤᠨ | ᠲᠤᠷᠰᠢᠯᠲᠠ ᠬᠢᠵᠦ᠂ 2000 ᠲᠡᠭᠰᠢ ᠳᠥᠷᠪᠡᠯᠵᠢᠨ ᠮᠧᠲᠷ ᠤᠨ ᠲᠠᠯᠠᠪᠠᠢ ᠶᠢ ᠡᠵᠡᠯᠡᠨ᠂ ᠰᠠᠭᠤᠷᠢᠨ ᠭᠠᠵᠠᠷ ᠲᠤ 800 ᠺᠢᠯᠦᠸᠠᠲ ᠬᠦᠴᠦᠳᠡᠯ ᠥᠭᠡᠷᠡᠴᠢᠯᠡᠭᠴᠢ | ᠲᠣᠬᠢᠷᠠᠭᠤᠯᠵᠠᠶ᠃ 2024 ᠣᠨ ᠤ 12 ᠳ᠋ᠤᠭᠠᠷ ᠰᠠᠷ᠎ᠠ ᠳᠤ ᠨᠢᠭᠡᠳᠦᠭᠡᠷ ᠬᠤᠭᠤᠴᠠᠭᠠᠨ ᠤ ᠵᠠᠪᠰᠠᠷ ᠤᠨ ᠲᠤᠷᠰᠢᠯᠲᠠ ᠶᠢᠨ ᠦᠢᠯᠡᠳᠪᠤᠷᠢᠯᠡᠯ ᠤᠨ ᠱᠤᠭᠤᠮ ᠤᠨ | ᠲᠣᠬᠢᠷᠠᠭᠤᠯᠤᠯᠲᠠ ᠲᠤᠷᠰᠢᠯᠲᠠ ᠬᠢᠬᠦ ᠪᠠᠨ ᠲᠠᠭᠤᠰᠬᠠᠵᠤ᠂ ᠥᠨᠳᠥᠷ ᠴᠡᠪᠡᠷᠴᠡ ᠲᠠᠢ ᠪᠧᠷᠢᠯᠢ ᠶᠢᠨ ᠲᠡᠪᠬᠡ ᠶᠢ ᠠᠮᠵᠢᠯᠲᠠ ᠲᠠᠢ ᠦᠢᠯᠡᠳᠪᠤᠷᠢᠯᠡᠵᠤ ᠭᠠᠷᠭᠠᠪᠠ᠂ 2025 | ᠣᠨ ᠳᠤ ᠬᠤᠶᠠᠳᠤᠭᠠᠷ ᠬᠤᠭᠤᠴᠠᠭᠠᠨ ᠤ ᠵᠠᠪᠰᠠᠷ ᠤᠨ ᠲᠤᠷᠰᠢᠯᠲᠠ ᠶᠢᠨ ᠦᠢᠯᠡᠳᠪᠤᠷᠢᠯᠡᠯ ᠤᠨ ᠱᠤᠭᠤᠮ ᠤᠨ ᠤᠭᠰᠠᠷᠠᠯᠲᠠ ᠪᠠ ᠲᠣᠬᠢᠷᠠᠭᠤᠯᠤᠯᠲᠠ ᠶᠢ ᠬᠢᠬᠦ ᠪᠠᠷ | ᠲᠥᠯᠥᠪᠯᠡᠵᠦ᠂ ᠬᠤᠶᠠᠳᠤᠭᠠᠷ ᠬᠤᠭᠤᠴᠠᠭᠠᠨ ᠤ ᠵᠠᠪᠰᠠᠷ ᠤᠨ ᠲᠤᠷᠰᠢᠯᠲᠠ ᠶᠢᠨ ᠦᠢᠯᠡᠳᠪᠤᠷᠢᠯᠡᠯ ᠤᠨ ᠱᠤᠭᠤᠮ ᠤᠨ ᠦᠢᠯᠡᠳᠪᠤᠷᠢᠯᠡᠬᠦ ᠴᠢᠳᠠᠪᠤᠷᠢ ᠨᠢ ᠨᠢᠭᠡᠳᠦᠭᠡᠷ | ᠬᠤᠭᠤᠴᠠᠭᠠᠨ ᠤ ᠬᠢ ᠠᠴᠠ 6 ᠳᠠᠬᠢᠨ ᠪᠤᠯᠬᠤ ᠪᠤᠯᠤᠨ᠎ᠠ᠂ ᠵᠣᠬᠢᠴᠠᠩᠭᠤᠶ ᠴᠠᠬᠢᠯᠭᠠᠨ ᠬᠡᠷᠡᠭᠯᠡᠬᠦ ᠬᠡᠮᠵᠢᠶ᠎ᠡ ᠨᠢ ᠴᠦ ᠳᠠᠬᠢᠨ ᠢᠶᠠᠷ ᠨᠡᠮᠡᠭᠳᠡᠨ᠂ ᠳᠤᠮᠳᠠᠳᠤ ᠵᠡᠷᠭᠡ ᠶᠢᠨ | ᠲᠤᠷᠰᠢᠯᠲᠠ ᠶᠢᠨ ᠤᠯᠠᠷᠢᠭᠤᠯᠬᠤ ᠰᠠᠭᠤᠷᠢᠨ ᠭᠠᠵᠠᠷ ᠤᠨ ᠣᠲᠣ ᠶᠢᠨ ᠪᠠᠶᠢᠭ᠎ᠠ ᠴᠠᠬᠢᠯᠭᠠᠨ ᠬᠠᠩᠭᠠᠬᠤ ᠰᠢᠰᠲ᠋ᠧᠮ ᠨᠢ ᠨᠢᠭᠡᠨᠲᠡ ᠠᠵᠤ ᠠᠬᠤᠶᠢᠯᠠᠯ ᠤᠨ | ᠦᠢᠯᠡᠳᠪᠤᠷᠢᠯᠡᠯ ᠤᠨ ᠲᠤᠷᠰᠢᠯᠲᠠ ᠶᠢᠨ ᠴᠠᠬᠢᠯᠭᠠᠨ ᠬᠡᠷᠡᠭᠯᠡᠬᠦ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠪᠣᠯᠵᠠᠶ᠃ | ᠲᠦᠷᠦᠭᠦᠬᠡᠨ᠂ ᠠᠵᠤ ᠠᠬᠤᠶᠢᠯᠠᠯ ᠤᠳ ︽ᠱᠦᠵᠢ ᠬᠤᠰᠢᠭᠤ ᠳᠠᠷᠤᠭ᠎ᠠ · ᠢ ᠴᠢ ᠪᠠᠨ︾ ᠲᠠᠪᠴᠠᠩ ᠢᠶᠠᠷ ᠳᠠᠮᠵᠢᠭᠤᠯᠤᠨ ᠬᠦᠰᠡᠯ ᠱᠠᠭᠠᠷᠳᠠᠯᠭ᠎ᠠ ᠪᠠᠨ | ᠲᠤᠰᠬᠠᠭᠰᠠᠨ ᠪᠦᠭᠡᠳ ᠬᠤᠰᠢᠭᠤ ᠲᠠᠳ᠋ ᠳᠠᠷᠤᠭ᠎ᠠ ᠯᠢ ᠬᠦᠶ ᠠᠵᠤ ᠠᠬᠤᠶᠢᠯᠠᠯ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠬᠤᠷᠠᠯ | ᠬᠤᠷᠠᠯᠳᠤᠭᠤᠯᠪᠠ᠃ ᠬᠤᠷᠠᠯ ᠠᠴᠠ᠂ ᠦᠢᠯᠡᠳᠪᠤᠷᠢ ᠶᠢᠨ ᠭᠡᠷ ᠪᠠᠶᠢᠰᠢᠩ ᠢ ᠬᠠᠷᠢᠶ᠎ᠠ ᠨᠢᠬᠡᠴᠢ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠦᠯᠦᠭᠯᠡᠯ ᠠᠴᠠ | ᠪᠣᠳᠠᠲᠠᠶ ᠬᠠᠷᠢᠭᠤᠴᠠᠵᠤ᠂ ᠵᠣᠬᠢᠶᠠᠨ ᠪᠠᠶᠢᠭᠤᠯᠬᠤ ᠬᠡᠯᠲᠡᠰ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠪ᠂ | ᠴᠠᠬᠢᠯᠭᠠᠨ ᠬᠠᠩᠭᠠᠬᠤ ᠺᠣᠮᠫᠠᠨᠢ᠂ ᠱᠧᠩ ᠳ᠋ᠢ ᠴᠠᠬᠢᠯᠭᠠᠨ ᠬᠦᠴᠦᠨ ᠤ ᠺᠣᠮᠫᠠᠨᠢ ᠬᠠᠮᠲᠤᠪᠠᠷ ᠬᠠᠮᠵᠢᠯᠴᠠᠬᠤ ᠪᠠᠷ ᠵᠦᠪᠯᠡᠨ ᠲᠤᠭᠳᠠᠭᠠᠭᠰᠠᠨ ᠪᠠᠶᠢᠨ᠎ᠠ᠃ ᠨᠢᠭᠡ ᠳᠤ᠂ | ᠴᠠᠬᠢᠯᠭᠠᠨ ᠤ ᠬᠡᠮᠵᠢᠶ᠎ᠡ ᠶᠢ ᠨᠡᠮᠡᠭᠳᠡᠭᠦᠯᠬᠦ ᠲᠥᠰᠦᠯ ᠤᠨ ᠵᠢᠷᠤᠭ ᠲᠥᠯᠥᠪᠯᠡᠭᠡ ᠵᠢᠴᠢ ᠵᠠᠷᠤᠳᠠᠯ ᠢ ᠲᠥᠰᠦᠭᠡᠯᠡᠨ ᠪᠣᠳᠣᠵᠤ᠂ ᠲᠥᠰᠦᠭᠡᠯᠡᠨ ᠪᠣᠳᠣᠵᠤ ᠪᠠᠷᠠᠭᠰᠠᠨ ᠤ | ᠳᠠᠷᠠᠭ᠎ᠠ᠂ ᠬᠠᠮᠢᠶ᠎ᠠ ᠪᠦᠬᠦᠢ ᠳᠡᠰ ᠳᠠᠷᠠᠭᠠᠯᠠᠯ ᠶᠣᠰᠣᠭᠠᠷ ᠪᠠᠷᠢᠯᠭ᠎ᠠ ᠡᠬᠢᠯᠡᠭᠦᠯᠦᠨ᠎ᠡ᠃ ᠬᠤᠶᠠᠷ ᠲᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠢᠵᠢᠯ ᠠᠯᠬᠤᠮ ᠢᠶᠠᠷ | ᠵᠣᠬᠢᠴᠠᠭᠤᠯᠵᠤ ᠬᠤᠤᠰ ᠪᠤᠴᠠᠯᠲᠠ ᠶᠢᠨ ᠱᠤᠭᠤᠮ ᠤᠨ ᠴᠠᠬᠢᠯᠭᠠᠨ ᠬᠠᠩᠭᠠᠬᠤ ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ᠎ᠡ᠃ | ᠣᠳᠣᠬᠠᠨ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠦᠯᠦᠭᠯᠡᠯ ᠺᠣᠮᠫᠠᠨᠢ ᠨᠢᠭᠡᠨᠲᠡ ᠴᠠᠬᠢᠯᠭᠠᠨ ᠬᠠᠩᠭᠠᠬᠤ ᠺᠣᠮᠫᠠᠨᠢ ᠳᠤ ᠤᠭᠰᠠᠷᠠᠭᠤᠯᠬᠤ ᠪᠠᠷ | ᠭᠤᠶᠤᠴᠢᠯᠠᠭᠰᠠᠨ ᠪᠠᠶᠢᠵᠣ᠂ ᠶᠠᠭ ᠤᠭᠰᠠᠷᠠᠬᠤ ᠵᠢᠷᠤᠭ ᠲᠥᠯᠥᠪᠯᠡᠭᠡ ᠪᠠᠨ ᠵᠢᠷᠤᠵᠤ ᠲᠥᠯᠥᠪᠯᠡᠨ᠂ ᠲᠠᠭᠤᠰᠤᠭᠰᠠᠨ ᠤ ᠳᠠᠷᠠᠭ᠎ᠠ ᠳᠠᠭᠠᠭᠠᠴᠢᠯᠠᠯᠲᠠ ᠵᠠᠷᠯᠠᠵᠤ ᠲᠤᠨᠤᠭ | ᠲᠦᠬᠦᠭᠡᠷᠤᠮᠵᠢ ᠬᠤᠳᠠᠯᠳᠤᠨ ᠠᠪᠴᠤ ᠤᠭᠰᠠᠷᠠᠨ᠂ ᠠᠵᠤ ᠠᠬᠤᠶᠢᠯᠠᠯ ᠤᠨ ᠦᠢᠯᠡᠳᠪᠤᠷᠢᠯᠡᠯ ᠤᠨ ᠲᠤᠷᠰᠢᠯᠲᠠ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ | ᠲᠦᠢᠯᠪᠤᠷᠢᠲᠠᠶ ᠰᠢᠢᠳᠪᠤᠷᠢᠯᠡᠬᠦ ᠪᠠᠷ ᠪᠠᠶᠢᠨ᠎ᠠ᠃ | ︽ᠬᠠᠮᠤᠭ ᠤᠨ ᠦᠨᠡᠨᠴᠢ ᠰᠡᠳᠬᠢᠯ᠂ ᠬᠠᠮᠤᠭ ᠤᠨ ᠦᠨᠡᠨ ᠣᠪᠣᠷ ᠢᠶᠠᠷ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠨᠠᠯ ᠰᠠᠨᠠᠭᠤᠯᠭ᠎ᠠ ᠶᠢ ᠨᠠᠷᠢᠨ | ᠬᠢᠨᠠᠮᠠᠭᠠᠢ ᠰᠣᠨᠣᠰᠴᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠠᠰᠠᠭᠤᠳᠠᠯ ᠢ ᠰᠡᠳᠬᠢᠯ ᠲᠠᠯᠪᠢᠨ | ᠬᠦᠴᠦᠯᠡᠨ ᠰᠢᠢᠳᠪᠤᠷᠢᠯᠡᠨ᠎ᠡ︾ ᠡᠨᠡ ᠪᠣᠯ ︽ᠱᠦᠵᠢ ᠬᠤᠰᠢᠭᠤ ᠳᠠᠷᠤᠭ᠎ᠠ · ᠢ ᠴᠢ ᠪᠠᠨ︾ ᠤ ᠰᠦᠯᠵᠢᠶᠡᠨ ᠳᠡᠭᠡᠷ᠎ᠡ ᠵᠠᠭᠠᠯᠳᠤᠯᠭ᠎ᠠ ᠶᠢ ᠬᠦᠢᠴᠡᠳᠭᠡᠬᠦ | ᠲᠠᠪᠴᠠᠩ ᠤᠨ ᠲᠥᠪ ᠴᠢᠩᠭ᠎ᠠ ᠠᠮᠠᠯᠠᠯᠲᠠ ᠪᠠᠶᠢᠵᠤ᠂ ᠡᠵᠡᠨ ᠬᠤᠷᠤᠭ᠎ᠠ ᠬᠤᠰᠢᠭᠤᠨ ᠤ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ | ᠲᠠᠪᠴᠠᠩ ᠨᠢ 137 ᠠᠵᠢᠯᠯᠠᠬᠤ ᠠᠷᠭ᠎ᠠ ᠶᠢ ᠴᠢᠩᠭ᠎ᠠ ᠬᠡᠷᠡᠭᠵᠢᠭᠦᠯᠵᠦ᠂ ᠠᠰᠠᠭᠤᠳᠠᠯ ᠢ ᠭᠥᠯᠢᠶᠡᠨ ᠠᠪᠴᠤ ᠰᠢᠢᠳᠪᠤᠷᠢᠯᠡᠬᠦ᠂ ᠰᠢᠯᠵᠢᠭᠦᠯᠦᠨ ᠬᠦᠢᠴᠡᠳᠬᠡᠬᠦ᠂ | ᠰᠢᠮᠳᠠᠭᠤᠯᠤᠨ ᠬᠦᠢᠴᠡᠳᠬᠡᠬᠦ᠂ ᠬᠠᠷᠢᠭᠤ ᠲᠤᠰᠬᠠᠬᠤ ᠪᠢᠲᠡᠭᠦᠮᠵᠢᠯᠡᠭᠰᠡᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ 1 ᠡᠳᠦᠷ ᠤᠨ ᠳᠣᠲᠣᠷ᠎ᠠ | ᠭᠥᠯᠢᠶᠡᠨ ᠠᠪᠴᠤ ᠰᠢᠢᠳᠪᠤᠷᠢᠯᠡᠬᠦ ᠪᠠ ᠬᠤᠪᠢᠶᠠᠨ ᠬᠦᠢᠴᠡᠳᠬᠡᠬᠦ ᠶᠢ ᠪᠡᠶᠡᠯᠡᠭᠦᠯᠵᠦ᠂ 3 ᠡᠳᠦᠷ ᠤᠨ ᠳᠣᠲᠣᠷ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠯᠤᠭ᠎ᠠ | ᠠᠭᠤᠯᠵᠠᠵᠤ ᠬᠢᠨᠠᠨ ᠬᠠᠷᠭᠤᠭᠤᠯᠵᠤ᠂ 7 ᠡᠳᠦᠷ ᠤᠨ ᠳᠣᠲᠣᠷ᠎ᠠ ᠬᠦᠢᠴᠡᠳᠬᠡᠭᠰᠡᠨ ᠪᠠᠶᠢᠳᠠᠯ ᠳᠤ ᠬᠠᠷᠢᠭᠤᠯᠲᠠ ᠥᠭᠭᠦᠨ᠎ᠡ᠃ ᠡᠭᠦᠨ ᠤ ᠬᠠᠮᠲᠤ ᠡᠳᠦᠷ᠂ ᠭᠠᠷᠠᠭ᠂ | ᠰᠠᠷ᠎ᠠ ᠶᠢᠨ ᠭᠤᠷᠪᠠᠨ ᠨᠤᠷᠮ᠎ᠠ ᠶᠢ ᠵᠠᠷᠯᠠᠬᠤ ᠳᠦᠷᠢᠮ ᠪᠣᠯᠤᠨ ᠬᠠᠭᠠᠰ ᠵᠢᠯ᠂ ᠵᠢᠯ ᠤᠨ ᠡᠴᠦᠰ ᠤᠨ ᠬᠢᠨᠠᠨ ᠰᠢᠯᠭᠠᠬᠤ ᠳᠦᠷᠢᠮ ᠢ ᠬᠡᠷᠡᠭᠵᠢᠬᠦᠯᠦᠨ᠎ᠡ᠃ | ᠥᠪᠥᠷ ᠮᠣᠩᠭᠤᠯ ᠤᠨ ᠽᠢ ᠶᠢᠦ ᠵᠢᠶ ᠺᠧ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠡᠵᠡᠨ ᠬᠤᠷᠤᠭ᠎ᠠ ᠬᠤᠰᠢᠭᠤᠨ ᠤ | ᠣᠷᠣᠭᠤᠯᠤᠨ ᠠᠪᠴᠢᠷᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠪᠠᠶᠢᠵᠤ᠂ 2024 ᠣᠨ ᠳᠤ ᠣᠯᠠᠨ ᠤᠳᠠᠭ᠎ᠠ ᠥᠪᠡᠷᠲᠡᠭᠡᠨ ᠵᠠᠰᠠᠬᠤ ᠣᠷᠣᠨ | ᠪᠠ ᠤᠯᠤᠰ ᠤᠨ ᠲᠣᠭᠠᠴᠢᠯᠠᠭᠰᠠᠨ ᠰᠣᠶᠣᠯ ᠤᠨ ᠠᠵᠤ ᠠᠬᠤᠶᠢᠯᠠᠯ ᠢ ᠲᠥᠯᠥᠭᠡᠯᠡᠨ ᠭᠠᠳᠠᠭᠠᠳᠤ ᠳᠤ ᠭᠠᠷᠴᠤ ᠳᠡᠯᠭᠡᠨ ᠦᠵᠡᠬᠦᠯᠭᠡ ᠬᠢᠵᠦ᠂ 2022 ᠣᠨ ᠪᠠ | 2024 ᠣᠨ ᠳᠤ ᠵᠠᠯᠭᠠᠭ᠎ᠠ ᠪᠠᠷ ᠬᠤᠶᠠᠷ ᠤᠳᠠᠭ᠎ᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠭᠳᠡᠵᠦ᠂ 2023 ᠣᠨ ᠤ | ᠺᠣᠮᠫᠠᠨᠢ ᠶᠢᠨ ︽ᠥᠪᠥᠷ ᠮᠣᠩᠭᠤᠯ ᠤᠨ ᠽᠢ ᠶᠢᠦ ᠵᠢᠶ ᠺᠧ ᠲᠣᠭᠠᠴᠢᠯᠠᠭᠰᠠᠨ ᠬᠠᠷᠠᠭᠠᠨ ᠰᠡᠷᠡᠯ ᠤᠨ ᠤᠶᠤᠨᠲᠤ ᠮᠡᠷᠭᠡᠵᠢᠯ ᠤᠨ ᠰᠤᠳᠤᠯᠭᠠᠨ ᠨᠡᠭᠡᠭᠡᠯᠲᠡ ᠶᠢᠨ ᠲᠥᠪ︾ | ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ︵ᠥᠪᠡᠷᠲᠡᠭᠡᠨ ᠵᠠᠰᠠᠬᠤ ᠣᠷᠣᠨ ᠤ ᠲᠠᠰ︶ ᠢᠶᠠᠷ | ᠦᠨᠡᠯᠡᠭᠳᠡᠪᠡ︔ 2023 ᠣᠨ ᠤ 10 ᠳ᠋ᠤᠭᠠᠷ ᠰᠠᠷ᠎ᠠ ᠶᠢᠨ 17 ᠤ ᠡᠳᠦᠷ ᠤᠨ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠯᠪᠠᠨ ᠲᠢᠩᠬᠢᠮ᠂ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ | ᠲᠣᠪᠴᠢᠶ᠎ᠠ ᠶᠢᠨ ᠠᠯᠪᠠᠨ ᠲᠢᠩᠬᠢᠮ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠠᠯᠪᠠᠨ ᠲᠢᠩᠬᠢᠮ ᠤᠨ ᠲᠠᠪᠤᠨ ᠰᠠᠯᠠᠭ᠎ᠠ ᠮᠥᠴᠢᠷ ᠤᠨ ︽2023 | ᠣᠨ ᠤ ᠬᠤᠰᠢᠭᠤᠴᠢ ᠬᠡᠷᠡᠭᠯᠡᠭᠡᠨ ᠤ ᠬᠡᠷᠡᠭ ᠤᠨ ᠵᠢᠱᠢᠶ᠎ᠡ ᠶᠢ ᠨᠡᠶᠢᠲᠡᠯᠡᠬᠦ ᠲᠤᠬᠠᠶ ᠮᠡᠳᠡᠭᠳᠡᠯ︾ ᠳᠤ᠂ ᠥᠪᠥᠷ ᠮᠣᠩᠭᠤᠯ ᠤᠨ ᠽᠢ ᠶᠢᠦ ᠵᠢᠶ ᠺᠧ ᠲᠣᠭᠠᠴᠢᠯᠠᠭᠰᠠᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ︽ᠳᠤᠮᠳᠠᠳᠤ ᠤᠯᠤᠰ ᠤᠨ ᠱᠠᠭᠠᠵᠠᠩ ᠰᠣᠶᠣᠯ ᠤᠨ ᠭᠤᠤᠯ ᠰᠡᠳᠦᠪᠲᠦ ᠣᠨᠴᠠ ᠦᠵᠡᠭᠦᠯᠭᠡ ᠳᠤ | ᠰᠠᠭᠤᠷᠢᠯᠠᠭᠰᠠᠨ ᠭᠡᠶᠢᠰᠪᠤᠷᠢ ᠪᠤᠳᠠᠳᠤ ᠵᠤᠶᠢᠯ ᠤᠨ ᠮᠡᠷᠭᠡᠵᠢᠯ ᠤᠨ ᠬᠡᠷᠡᠭᠯᠡᠯᠲᠡ︾ ᠶᠢᠨ ᠲᠥᠷᠥᠯ ᠵᠤᠶᠢᠯ ᠨᠢ ᠬᠡᠷᠡᠭᠯᠡᠭᠡᠨ ᠤ ᠬᠡᠷᠡᠭ ᠤᠨ ᠵᠢᠱᠢᠶ᠎ᠡ ᠶᠢᠨ ᠨᠢᠭᠡ ᠪᠠᠷ | ᠰᠣᠩᠭᠤᠭᠳᠠᠵᠤ᠂ ᠥᠪᠥᠷ ᠮᠣᠩᠭᠤᠯ ᠠᠴᠠ ᠴᠣᠷ ᠤᠨ ᠭᠠᠭᠴᠠ ᠰᠤᠩᠭᠤᠭᠳᠠᠨ᠂ ᠰᠣᠶᠣᠯ ᠵᠢᠭᠤᠯᠴᠢᠯᠠᠯ ᠤᠨ ᠬᠦᠷᠢᠶᠡᠨ ᠳᠤ ᠪᠥᠬᠦ ᠤᠯᠤᠰ ᠲᠤ ᠵᠥᠪᠬᠡᠨ 15 | ᠰᠣᠩᠭᠤᠭᠳᠠᠵᠠᠶ︔ 2024 ᠣᠨ ᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠠᠴᠠ ︽ᠤᠯᠤᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ︾ ᠢᠶᠠᠷ ᠲᠣᠭᠲᠠᠭᠠᠪᠠ᠃ | ᠽᠢ ᠶᠢᠦ ᠵᠢᠢ ᠺᠧ ᠺᠣᠮᠫᠠᠨᠢ ᠶᠢᠨ ᠣᠯᠤᠭᠰᠠᠨ ᠤᠯᠤᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠨᠢ᠂ ᠤᠳᠤ ᠶᠢᠨ | ᠰᠤᠳᠤᠯᠭᠠᠨ ᠬᠢᠵᠦ ᠪᠠᠶᠢᠭ᠎ᠠ ᠤᠯᠠᠨ ᠬᠦᠮᠤᠨ ᠤ ᠲᠤᠮᠤ ᠣᠷᠣᠨ ᠵᠠᠢ ᠳᠤ ᠬᠠᠷᠢᠯᠴᠠᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠳᠤ ᠲᠤᠷᠰᠢᠯᠳᠠ ᠬᠢᠵᠦ ᠰᠤᠳᠤᠯᠤᠨ | ᠨᠡᠭᠡᠭᠡᠬᠦ ᠣᠷᠣᠨ ᠵᠠᠢ ᠳᠤᠲᠠᠭᠳᠠᠵᠤ ᠪᠠᠶᠢᠯ᠎ᠠ᠂ ᠲᠤᠰ ᠲᠦᠷᠦᠯ ᠵᠦᠢᠯ ᠨᠢ 2024 ᠣᠨ ᠤ ᠲᠦᠷᠦ ᠶᠢᠨ ᠶᠠᠪᠤᠳᠠᠯ ᠤᠨ ᠬᠤᠷᠢᠶᠠᠨ ᠤ 2 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠳᠠᠬᠢ ᠭᠤᠣᠯᠳᠠᠯᠭ᠎ᠠ ᠲᠠᠢ ᠵᠤᠷᠢᠭᠵᠢᠭᠤᠯᠬᠤ ᠮᠡᠷᠭᠡᠵᠢᠯ ᠤᠨ ᠲᠦᠷᠦᠯ ᠵᠦᠢᠯ ᠳᠤ ᠬᠠᠷᠢᠶᠠᠯᠠᠭᠳᠠᠵᠤ᠂ ᠡᠵᠡᠨ ᠬᠤᠷᠤᠭ᠎ᠠ ᠬᠤᠰᠢᠭᠤ ᠮᠡᠷᠭᠡᠵᠢᠯ ᠤᠨ | ᠬᠡᠷᠡᠭᠯᠡᠭᠡᠨ ᠤ ᠲᠠᠯᠠᠪᠤᠷ ᠬᠠᠩᠭᠠᠨ᠂ ᠺᠣᠮᠫᠠᠨᠢ ᠶᠢᠨ ᠮᠡᠷᠭᠡᠵᠢᠯ ᠤᠨ ᠦᠷ᠎ᠡ ᠪᠦᠲᠦᠭᠡᠯ ᠢ ᠤᠶᠢᠯᠡᠳᠤᠯᠭᠡᠵᠢᠬᠦᠯᠬᠦ ᠶᠢ ᠬᠦᠰᠡᠨ ᠱᠠᠭᠠᠷᠳᠠᠵᠤ ᠪᠠᠶᠢᠨ᠎ᠠ᠃ | ᠬᠡᠷᠡᠭᠴᠡᠭᠡ ᠱᠠᠭᠠᠷᠳᠠᠯᠭ᠎ᠠ ᠶᠢ ᠬᠥᠲᠥᠯᠥᠨ ᠳᠠᠭᠠᠭᠤᠯᠵᠤ᠂ ᠠᠮᠢᠵᠢᠷᠠᠯ ᠤᠨ ᠬᠦᠴᠦᠨ ᠢ ᠪᠠᠳᠠᠷᠠᠭᠤᠯᠵᠤ ᠬᠥᠭᠵᠢᠯᠲᠡ ᠶᠢ ᠠᠬᠢᠭᠤᠯᠤᠨ᠎ᠠ᠃ ᠣᠶᠢᠷ᠎ᠠ ᠶᠢᠨ | ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠠᠶ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠣᠯᠠᠨ ᠲᠠᠯ᠎ᠠ ᠪᠠᠷ ᠬᠦᠴᠦᠯᠡᠵᠦ᠂ ᠣᠯᠠᠨ ᠲᠠᠯ᠎ᠠ ᠪᠠᠷ ᠦᠢᠯᠡᠴᠢᠯᠡᠵᠦ᠂ ᠵᠠᠰᠠᠭ ᠤᠨ ᠤᠷᠳᠣᠨ ᠠᠵᠤ ᠠᠬᠤᠶᠢᠯᠠᠯ ᠤᠨ | ᠨᠡᠪᠲᠡᠷᠡᠯᠴᠡᠭᠡ ᠶᠢᠨ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ︽ᠲᠦᠭᠵᠢᠷᠡᠯ︾᠂ | ︽ᠡᠪᠡᠷᠰᠢᠶᠡᠯ︾᠂ ︽ᠬᠦᠴᠢᠷᠳᠡᠯ︾ ᠢ ᠨᠡᠪᠲᠡᠷᠡᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠤᠷᠢᠯᠡᠵᠤ᠂ ︽ᠨᠡᠮᠡᠭᠳᠡᠯ ᠢ ᠲᠣᠭᠲᠠᠪᠤᠷᠢᠵᠢᠭᠤᠯᠵᠤ᠂ ᠬᠥᠭᠵᠢᠯᠲᠡ ᠶᠢ | ᠠᠬᠢᠭᠤᠯᠬᠤ︾ ᠶᠢ ᠪᠡᠶᠡᠯᠡᠭᠦᠯᠵᠦ᠂ ᠰᠢᠨ᠎ᠡ ᠴᠢᠨᠠᠷ ᠴᠢᠨᠰᠠᠭ᠎ᠠ ᠶᠢᠨ ᠦᠢᠯᠡᠳᠪᠤᠷᠢᠯᠡᠯ ᠤᠨ ᠬᠦᠴᠦᠨ ᠤ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ ᠪᠥᠬᠦ | ᠬᠤᠰᠢᠭᠤᠨ ᠤ ᠠᠵᠤ ᠠᠬᠤᠶ ᠶᠢ ᠠᠮᠢᠳᠤᠯᠢᠭᠵᠢᠭᠤᠯᠵᠤ ᠬᠦᠴᠦᠷᠬᠡᠭᠵᠢᠭᠦᠯᠪᠡ᠃ | ᠡᠨᠡ ᠵᠢᠯ᠂ ᠡᠵᠡᠨ ᠬᠤᠷᠤᠭ᠎ᠠ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢ ᠵᠣᠷᠢᠭ ᠰᠤᠯᠠᠷᠠᠭᠰᠠᠨ ᠥᠬᠡᠶ᠂ ᠶᠡᠭᠡ ᠪᠠᠷ ᠠᠳᠬᠤᠨ | ᠣᠨᠴᠠ ᠲᠦᠷᠭᠡᠨ ᠠᠳᠬᠤᠵᠤ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠪᠠ ᠬᠠᠷᠠᠯᠲᠠ ᠪᠠᠨ ᠲᠣᠳᠣᠷᠬᠠᠶᠢᠯᠠᠵᠤ᠂ ᠣᠷᠣᠭᠤᠯᠤᠯᠲᠠ ᠭᠠᠷᠭᠠᠯᠲᠠ ᠶᠢᠨ ︽ᠲᠡᠮᠦᠷ | ᠪᠣᠳᠣᠭᠤᠷ︾ ᠢ ᠰᠠᠶᠢᠲᠤᠷ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠵᠦ᠂ ᠠᠵᠤ ᠠᠬᠤᠶᠢᠯᠠᠯ ᠯᠤᠭ᠎ᠠ ᠪᠠᠶᠢᠩᠭᠤ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ | ᠵᠠᠬᠢᠶᠠᠯᠠᠭ᠎ᠠ ᠶᠢ ᠡᠷᠢᠵᠦ᠂ ᠵᠠᠬ᠎ᠠ ᠳᠡᠯᠭᠡᠭᠦᠷ ᠢ ᠥᠷᠭᠡᠳᠬᠡᠵᠦ᠂ ᠬᠦᠴᠢᠷ ᠠᠰᠠᠭᠤᠳᠠᠯ ᠢ ᠰᠢᠢᠳᠪᠤᠷᠢᠯᠡᠵᠤ᠂ ᠪᠣᠳᠠᠲᠠᠶ ᠳᠤ ᠨᠠᠶᠢᠳᠠᠪᠤᠷᠢᠵᠢᠭᠤᠯᠬᠤ ᠠᠴᠠ ᠠᠪᠤᠭᠠᠳ | ᠠᠰᠢᠭᠯᠠᠯᠲᠠ ᠳᠤ ᠣᠷᠣᠭᠤᠯᠬᠤ ᠬᠦᠷᠲᠡᠯᠡᠬᠢ ᠪᠥᠬᠦ ᠲᠠᠯ᠎ᠠ ᠶᠢᠨ ᠪᠥᠬᠦ ᠶᠠᠪᠤᠴᠠ ᠶᠢ ᠮᠥᠷᠳᠡᠬᠦ ᠦᠢᠯᠡᠴᠢᠯᠡᠭᠡ ᠬᠠᠩᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ | ᠰᠠᠨᠠᠭ᠎ᠠ ᠠᠮᠤᠷ ᠡᠵᠡᠩᠨᠡᠭᠦᠯᠵᠦ᠂ ᠬᠥᠭᠵᠢᠭᠦᠯᠦᠨ ᠪᠤᠵᠠᠭᠠᠶᠢᠷᠠᠭᠤᠯᠬᠤ ᠪᠠᠷ ᠪᠠᠶᠢᠨ᠎ᠠ᠃ | | |