| 3 ᠳ᠋ᠤᠭᠠᠷ ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ | ᠳᠠᠷᠤᠭ᠎ᠠ ᠴᠢᠶᠣᠤ ᠰᠢᠶᠤᠤ ᠵᠢᠶᠦ᠋ᠨ ᠴᠠᠩᠵᠸᠤ᠂ ᠬᠤᠵᠸᠤ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠶᠯ ᠤᠨ ᠬᠠᠮᠲᠤᠷᠠᠯᠴᠠᠭ᠎ᠠ ᠶᠢ | ᠵᠤᠯᠭᠠᠭᠤᠯᠬᠤ ᠠᠵᠢᠯᠯᠠᠭ᠎ᠠ ᠦᠷᠨᠢᠬᠦᠯᠦᠭᠰᠡᠨ ᠪᠥᠭᠡᠳ 2025 ᠣᠷᠳᠣᠰ ᠬᠤᠲᠠ (ᠴᠠᠩᠵᠸᠤ) ᠶᠢᠨ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠤᠷᠠᠯ ᠳᠤ | ᠣᠷᠣᠯᠴᠠᠪᠠ᠃ ᠲᠠᠨᠢᠯᠴᠠᠭᠤᠯᠬᠤ ᠬᠤᠷᠠᠯ ᠳᠡᠭᠡᠷ᠎ᠡ᠂ ᠴᠢᠶᠣᠤ ᠰᠢᠶᠤᠤ ᠵᠢᠶᠦ᠋ᠨ ᠲᠡᠭ ᠨᠡᠭᠦᠷᠡᠰᠦᠲᠥ᠋ᠷᠥᠭᠴᠢ ᠶᠢᠨ ᠠᠮᠢ ᠠᠬᠤᠶ᠂ ᠠᠵᠤ ᠦᠶᠯᠡᠰ ᠤᠨ ᠢᠵᠢ | ᠪᠥᠷᠢᠳᠦᠭᠦᠯᠬᠦ᠂ ᠪᠤᠬᠢᠷᠳᠤᠯ ᠦᠬᠡᠢ ᠴᠠᠬᠢᠯᠭᠠᠨ ᠤ ᠪᠠᠲᠤᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ᠂ ᠬᠦᠷᠢᠶᠡᠯᠡᠩ | ᠲᠣᠭᠤᠷᠢᠭ ᠤᠨ ᠬᠤᠷᠠᠮᠠᠯ᠂ ᠬᠡᠷᠡᠭᠯᠡᠭᠡᠨ ᠤ ᠠᠬᠤᠶ ᠪᠠᠶᠢᠳᠠᠯ᠂ ᠨᠡᠭᠡᠭᠡᠯᠲᠡᠲᠦ ᠶᠠᠪᠤᠯᠴᠠᠭ᠎ᠠ᠂ ᠪᠠᠯᠠ ᠮᠥᠩᠭᠦᠨ ᠤ ᠪᠠᠲᠤᠯᠠᠭ᠎ᠠ᠂ ᠲᠥᠷᠥᠯ ᠵᠦᠶᠯ ᠤᠨ ᠦᠶᠯᠡᠴᠢᠯᠡᠭᠡ᠂ | ᠠᠮᠢᠳᠤᠷᠠᠯ ᠤᠨ ᠶᠠᠰᠤ ᠴᠢᠨᠠᠷ ᠵᠡᠷᠭᠡ ᠠᠷᠪᠠᠨ ᠲᠠᠯ᠎ᠠ ᠶᠢᠨ ᠲᠣᠭᠤᠷᠢᠨ ᠳᠤ ᠡᠵᠡᠨ ᠬᠤᠷᠤᠭ᠎ᠠ ᠬᠤᠰᠢᠭᠤᠨ ᠤ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ᠂ | ᠥᠷᠢᠰᠥᠯᠳᠦᠭᠡᠨ ᠤ ᠳᠠᠪᠠᠭᠤᠯᠢᠭ ᠪᠠ ᠠᠵᠤ ᠠᠬᠤᠶᠢᠯᠠᠯ ᠳᠤ ᠬᠠᠩᠭᠠᠵᠤ ᠳᠡᠶᠢᠯᠬᠦ ᠬᠥᠭᠵᠢᠯᠲᠡ ᠶᠢᠨ ᠠᠵᠠ ᠲᠣᠬᠢᠶᠠᠯ ᠢ ᠪᠥᠬᠦ ᠲᠠᠯ᠎ᠠ ᠪᠠᠷ ᠲᠠᠨᠢᠯᠴᠠᠭᠤᠯᠵᠤ᠂ ᠪᠥᠬᠦ | ᠤᠯᠤᠰ ᠤᠨ ᠡᠯ᠎ᠡ ᠭᠠᠵᠠᠷ ᠤᠨ ᠠᠵᠤ ᠠᠬᠤᠶᠢᠯᠠᠯ ᠢ ᠤᠷᠢᠵᠤ ᠡᠵᠡᠨ ᠬᠤᠷᠤᠭ᠎ᠠ ᠳᠤ ᠣᠷᠣᠭᠤᠯᠵᠤ᠂ ᠠᠳᠠᠯ ᠦᠶᠯᠡᠰ ᠴᠣᠭᠴᠠᠯᠠᠬᠤ ᠡᠵᠡᠨ ᠬᠤᠷᠤᠭ᠎ᠠ ᠶᠢ ᠰᠣᠩᠭᠤᠵᠤ᠂ | ᠲᠡᠭ ᠨᠡᠭᠦᠷᠡᠰᠦᠲᠥ᠋ᠷᠥᠭᠴᠢ ᠪᠣᠯᠤᠨ ᠰᠢᠨ᠎ᠡ ᠶᠢ ᠡᠭᠦᠳᠬᠦ ᠶᠢ ᠪᠡᠶᠡᠯᠡᠬᠦᠯᠵᠦ᠂ ᠬᠠᠮᠳᠤᠷᠠᠯᠴᠠᠵᠤ ᠬᠠᠮᠲᠤ ᠪᠠᠷ ᠠᠰᠢᠭ ᠬᠦᠷᠳᠡᠨ᠎ᠡ᠃ ᠡᠨᠡ ᠬᠤᠭᠤᠴᠠᠭᠠᠨ ᠳᠤ᠂ ᠴᠢᠶᠣᠤ | ᠰᠢᠶᠤᠤ ᠵᠢᠶᠦ᠋ᠨ ᠬᠡᠷᠡᠯ ᠴᠡᠨᠡᠭ ᠤᠨ ᠲᠣᠨᠣᠭᠯᠠᠭᠠᠰᠤ᠂ ᠳ᠋ᠢᠶᠠᠨ ᡂᠢ ᠶᠢᠨ ᠢᠯᠲᠠᠰᠤ ᠶᠢ ᠪᠢᠲᠡᠭᠦᠮᠵᠢᠯᠡᠨ ᠪᠣᠭᠤᠳᠠᠯᠯᠠᠬᠤ ᠭᠤᠮ ᠪᠦᠷᠬᠦᠪᠴᠢ᠂ ᠨᠡᠭᠦᠷᠡᠰᠦᠲᠥ᠋ᠷᠥᠭᠴᠢ ᠶᠢᠨ | ᠪᠦᠯᠦᠭᠲᠦ ᠰᠢᠨ᠎ᠡ ᠮᠠᠲ᠋ᠧᠷᠢᠶᠠᠯ᠂ ᠪᠣᠭᠤᠳᠠᠯᠯᠠᠬᠤ ᠮᠠᠲ᠋ᠧᠷᠢᠶᠠᠯ ᠵᠡᠷᠭᠡ ᠦᠶᠯᠡᠳᠪᠦᠷᠢᠯᠡᠵᠦ ᠦᠶᠯᠡᠳᠬᠦ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠭᠰᠠᠨ ᠪᠥᠭᠡᠳ ᠠᠵᠤ | ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠡᠯ᠎ᠡ ᠲᠥᠷᠥᠯ ᠤᠨ ᠪᠠᠲᠤᠯᠠᠭ᠎ᠠ ᠶᠢᠨ ᠡᠯᠧᠮᠧᠨ᠋ᠲ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠥᠷᠥᠯ ᠵᠦᠶᠯ ᠢ ᠡᠷᠲᠡᠬᠡᠨ ᠭᠡᠷ᠎ᠡ ᠲᠣᠭᠲᠠᠵᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ |