ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 7 ᠤ ᠴᠠᠭᠢᠯᠭᠠᠨ ᠮᠡᠳᠡᠭᠡ 5 ᠰᠠᠷ᠎ᠠ ᠶᠢᠨ 7 ᠤ ᠡᠳᠦᠷ᠂ ᠮᠣᠰᠺᠸᠠ ᠳᠤ ᠬᠦᠷᠴᠦ ᠣᠷᠣᠰ ᠲᠤ | ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠡᠶᠢᠨ ᠢᠯᠠᠯᠲᠠ ᠣᠯᠣᠭᠰᠠᠨ 80 | ᠵᠢᠯ ᠤᠨ ᠣᠶ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠲᠠᠰᠢᠷᠠᠮ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠣᠷᠣᠰ ᠰᠣᠨᠢᠨ︾ ᠳᠤ ︽ | ᠲᠡᠦᠬᠡ ᠪᠠᠷ ᠲᠣᠯᠢ ᠪᠤᠯᠭᠠᠵᠤ ᠬᠠᠮᠲᠤ ᠪᠠᠷ ᠢᠷᠡᠭᠡᠳᠦᠢ ᠪᠠᠨ ᠴᠣᠭᠴᠠᠯᠠᠶ᠎ᠠ︾ ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ | ᠠᠭᠤᠯᠭ᠎ᠠ ᠨᠢ ᠳᠣᠣᠷᠠᠬᠢ ᠮᠡᠲᠦ᠄ | ᠲᠡᠦᠬᠡ ᠪᠠᠷ ᠲᠣᠯᠢ ᠪᠤᠯᠭᠠᠵᠤ ᠬᠠᠮᠲᠤ ᠪᠠᠷ ᠢᠷᠡᠭᠡᠳᠦᠢ ᠪᠠᠨ ᠴᠣᠭᠴᠠᠯᠠᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ | ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠡᠨᠡ ᠬᠦ ︽ᠠᠯᠢᠮᠠᠨ ᠴᠡᠴᠡᠭᠡᠰ ᠲᠡᠭᠷᠢ ᠶᠢᠨ ᠬᠠᠶᠠᠭ᠎ᠠ ᠲᠤᠯᠲᠠᠯ᠎ᠠ ᠮᠢᠷᠠᠯᠵᠠᠨ | ᠳᠡᠯᠭᠡᠷᠡᠭᠰᠡᠨ︾ ᠤᠯᠠᠷᠢᠯ ᠳᠤ᠂ ᠪᠢ ᠤᠳᠠᠯ ᠦᠭᠡᠢ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ | ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠵᠤ᠂ ᠪᠠᠭᠠᠲᠤᠷᠯᠢᠭ | ᠤᠷᠤᠰ ᠤᠨ ᠠᠷᠠᠳ ᠲᠦᠮᠡᠨ ᠲᠠᠢ ᠬᠠᠮᠲᠤ ᠪᠠᠷ ᠲᠡᠦᠬᠡ ᠶᠢ ᠲᠠᠭᠢᠨ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠨ᠎ᠠ᠃ | 10 ᠵᠢᠯ ᠤᠨ ᠡᠮᠦᠨᠡᠬᠢ ᠡᠨᠡ ᠦᠶ᠎ᠡ ᠳᠤ᠂ ᠪᠢ ᠤᠷᠤᠰ ᠲᠤ ᠬᠦᠷᠴᠦ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 70 ᠵᠢᠯ ᠤᠨ ᠤᠢ ᠶᠢ | ᠪᠡᠯᠭᠡᠯᠡᠬᠦ ᠶᠣᠰᠣᠯᠠᠯ ᠳᠤ ᠣᠷᠣᠯᠴᠠᠵᠤ᠂ ᠤᠷᠤᠰ ᠤᠨ 18 ᠠᠬᠠᠮᠠᠳ ᠪᠠᠶᠢᠯᠳᠤᠭᠴᠢ ᠶᠢᠨ ᠲᠥᠯᠥᠭᠡᠯᠡᠭᠴᠢ ᠲᠠᠢ ᠲᠤᠰᠬᠠᠶᠢᠯᠠᠨ ᠠᠭᠤᠯᠵᠠᠪᠠ᠂ ᠲᠡᠳᠡ ᠵᠥᠪᠯᠡᠯᠲᠦ ᠶᠢᠨ | ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠤ ᠲᠠᠯᠠᠪᠤᠷ ᠲᠤ ᠴᠢᠰᠤ ᠪᠠᠨ | ᠤᠷᠤᠰᠬᠠᠨ ᠪᠠᠶᠢᠯᠳᠤᠵᠤ ᠥᠩᠭᠡᠷᠡᠪᠡ᠃ ᠠᠬᠠᠮᠠᠳ ᠪᠠᠶᠢᠯᠳᠤᠭᠴᠢᠳ ᠤᠨ ᠬᠠᠳᠠᠨ ᠵᠣᠷᠢᠭ ᠪᠠ ᠡᠷᠡᠰ ᠪᠠᠲᠤ ᠴᠤᠭ ᠵᠢᠪᠬᠤᠭ᠎ᠠ ᠶᠢ ᠪᠢ ᠤᠳᠤ ᠪᠤᠯᠲᠠᠯ᠎ᠠ ᠮᠠᠷᠲᠠᠭ᠎ᠠ | ᠦᠭᠡᠢ᠃ ᠥᠩᠭᠡᠷᠡᠭᠰᠡᠨ ᠬᠡᠳᠦᠨ ᠵᠢᠯ ᠳᠤ᠂ ᠵᠢᠶᠠᠯᠢᠶᠧᠹ ᠠᠬᠠᠯᠠᠭᠴᠢ ᠭᠧᠨᠧᠷᠡᠯ᠂ ᠱᠦᠳᠧᠯᠦᠸᠧ ᠬᠤᠰᠢᠭᠤᠴᠢ ᠭᠧᠨᠧᠷᠡᠯ ᠵᠡᠷᠭᠡ ᠠᠬᠠᠮᠠᠳ ᠪᠠᠶᠢᠯᠳᠤᠭᠴᠢ ᠤᠷᠢᠳ | ᠬᠤᠵᠢᠳ ᠨᠠᠰᠤ ᠪᠠᠷᠠᠵᠠᠢ᠂ ᠪᠢ ᠲᠡᠳᠡᠨ ᠢ ᠲᠤᠶᠢᠯ ᠢᠶᠠᠷ ᠳᠤᠷᠠᠰᠤᠨ ᠰᠠᠨᠠᠭᠠᠯᠵᠠᠵᠤ ᠪᠠᠶᠢᠨ᠎ᠠ᠃ ᠭᠧᠨᠧᠷᠡᠯ ᠠᠴᠠ ᠠᠪᠤᠭᠠᠳ ᠡᠩ ᠤᠨ ᠪᠠᠶᠢᠯᠳᠤᠭᠴᠢ ᠭᠦᠷᠲᠡᠯ᠎ᠡ᠂ | ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠶᠢ ᠣᠯᠬᠤ ᠳᠤ ᠭᠠᠷᠮᠠᠭᠠᠢ ᠭᠠᠪᠢᠶ᠎ᠠ ᠪᠠᠶᠢᠭᠤᠯᠤᠭᠰᠠᠨ ᠪᠤᠢ ᠪᠦᠬᠦᠢ ᠠᠬᠠᠮᠠᠳ ᠪᠠᠶᠢᠯᠳᠤᠭᠴᠢ ᠶᠢ ᠪᠢᠳᠡ | ᠬᠡᠵᠢᠶᠡᠳᠡ ᠮᠠᠷᠲᠠᠬᠤ ᠦᠭᠡᠢ ᠶᠤᠮ︕ ᠪᠠᠭᠠᠲᠤᠷᠴᠤᠳ ᠪᠠᠯᠠᠷᠠᠰᠢ ᠦᠭᠡᠢ᠂ ᠲᠥᠪ ᠶᠣᠰᠣ ᠮᠥᠩᠬᠡ ᠣᠷᠣᠰᠢᠨ᠎ᠠ︕ | ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠳᠤᠮᠳᠠ᠂ ᠳᠤᠮᠳᠠᠳᠤ ᠣᠷᠣᠰ ᠬᠤᠶᠠᠷ ᠤᠯᠤᠰ ᠤᠨ ᠠᠷᠠᠳ ᠲᠦᠮᠡᠨ ᠮᠥᠷᠥ ᠵᠡᠷᠭᠡᠴᠡᠨ ᠪᠠᠶᠢᠯᠳᠤᠵᠤ᠂ | ᠬᠠᠷᠢᠯᠴᠠᠨ ᠳᠡᠮᠵᠢᠯᠴᠡᠪᠡ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠤ ᠬᠦᠴᠢᠷ ᠪᠡᠷᠬᠡᠰᠢᠶᠡᠯᠲᠦ ᠴᠠᠭ ᠮᠥᠴᠡ ᠳᠤ᠂ | ᠵᠥᠪᠯᠡᠯᠲᠦ ᠶᠢᠨ ᠳᠤᠮᠳᠠᠳᠤ ᠶᠢ ᠲᠤᠰᠠᠯᠠᠭᠰᠠᠨ ᠠᠭᠠᠷ ᠤᠨ ᠠᠩᠭᠢ ᠨᠠᠨᠵᠢᠩ᠂ ᠦᠬᠠᠨ᠂ ᠴᠦᠩᠴᠢᠩ ᠵᠡᠷᠭᠡ ᠭᠠᠵᠠᠷ ᠲᠤ ︽ᠡᠷᠡᠯᠬᠡᠭ ᠪᠦᠷᠭᠦᠳ ᠮᠡᠲᠦ ᠪᠠᠷ | ᠣᠭᠲᠠᠷᠭᠤᠢ ᠳᠤ ᠳᠡᠭᠦᠯᠢᠨ ᠨᠢᠰᠴᠦ︾᠂ ᠶᠠᠫᠤᠨ ᠳᠡᠭᠡᠷᠡᠮ ᠢ ᠬᠤᠷᠢᠭᠯᠠᠨ ᠴᠣᠬᠢᠵᠤ᠂ ᠮᠠᠰᠢ ᠤᠯᠠᠨ ᠨᠢᠰᠬᠡᠯᠴᠢ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠪᠠ᠃ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠤ ᠬᠠᠮᠤᠭ ᠤᠨ ᠲᠦᠭᠰᠢᠭᠦᠷᠢᠲᠡᠢ ᠵᠠᠩᠭᠢᠯᠠᠭ᠎ᠠ ᠶᠢᠨ ᠦᠶ᠎ᠡ ᠳᠤ᠂ ︽ᠳᠣᠷᠣᠨᠠᠳᠠᠬᠢᠨ ᠤ ᠽᠦᠷᠭᠧ︾ | — ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠪᠠᠷ ᠲᠡᠮᠡᠴᠡᠭᠰᠡᠨ ᠰᠢᠯᠢᠳᠡᠭ ᠠᠵᠢᠯᠲᠠᠨ ᠶᠠᠨ ᠪᠦᠦ ᠬᠠᠩ ᠵᠥᠪᠯᠡᠯᠲᠦ ᠳᠤ ᠠᠩᠬᠠᠨ ᠤ ᠨᠢᠭᠤᠴᠠ | ᠮᠡᠳᠡᠭᠡ ᠶᠢ ᠬᠠᠩᠭᠠᠵᠤ ᠪᠠᠶᠢᠪᠠ᠃ ᠳᠠᠶᠢᠨ ᠤ ᠭᠠᠯ ᠳᠦᠷᠡᠯᠵᠡᠭᠰᠡᠨ ᠣᠨ ᠵᠢᠯ ᠤᠳ ᠲᠤ᠂ ᠵᠥᠪᠯᠡᠯᠲᠦ ᠠᠴᠠ ᠳᠤᠮᠳᠠᠳᠤ ᠤᠯᠤᠰ ᠲᠤ ᠶᠡᠭᠡ ᠬᠡᠮᠵᠢᠶᠡᠨ ᠤ ᠵᠡᠪᠰᠡᠭ | ᠲᠣᠨᠣᠭᠯᠠᠯ ᠬᠠᠩᠭᠠᠭᠰᠠᠨ ᠪᠥᠭᠡᠳ ᠳᠤᠮᠳᠠᠳᠤ ᠤᠯᠤᠰ ᠴᠤ ᠵᠥᠪᠯᠡᠯᠲᠦ ᠳᠤ ᠪᠠᠴᠢᠮ ᠬᠡᠷᠡᠭᠰᠡᠬᠦ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠬᠦᠷᠭᠡᠵᠦ᠂ ᠬᠤᠶᠠᠷ | ᠤᠯᠤᠰ ᠭᠠᠷ ᠬᠤᠯᠪᠣᠨ ᠶᠡᠭᠡ ᠡᠯᠡᠰᠦᠨ ᠭᠤᠪᠢ ᠳᠤ ᠨᠢᠭᠡᠨ ᠵᠤᠷᠪᠤᠰ ᠤᠯᠠᠨ ᠤᠯᠤᠰ ᠤᠨ ︽ᠠᠮᠢ ᠨᠠᠰᠤᠨ ᠤ ᠵᠠᠮ︾ ᠢ ᠨᠡᠭᠡᠭᠡᠵᠦ᠂ ᠲᠤᠰ ᠲᠤᠰ ᠤᠨ ᠢᠶᠠᠨ | ᠹᠠᠱᠢᠰ ᠢ ᠡᠰᠡᠷᠭᠦᠴᠡᠬᠦ ᠲᠠᠶᠢᠨ ᠢ ᠬᠠᠷᠢᠯᠴᠠᠨ ᠳᠡᠮᠵᠢᠬᠦ ᠳᠤ ᠴᠢᠬᠤᠯᠠ ᠦᠢᠯᠡᠳᠦᠯ ᠦᠵᠡᠭᠦᠯᠪᠡ᠃ ᠬᠤᠶᠠᠷ ᠤᠯᠤᠰ ᠤᠨ ᠠᠷᠠᠳ ᠲᠦᠮᠡᠨ ᠤ ᠠᠷᠢᠭᠤᠨ ᠴᠢᠰᠤ ᠠᠮᠢ | ᠨᠠᠰᠤ ᠪᠠᠷ ᠢᠶᠠᠨ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠨᠢ ᠬᠠᠳᠤᠨ ᠭᠤᠣᠯ ᠤᠨ ᠤᠰᠤ ᠰᠢᠭ᠋ ᠰᠢᠷᠭᠢᠰᠢ ᠦᠭᠡᠢ ᠳᠠᠪᠠᠯᠭᠠᠯᠠᠨ ᠤᠷᠤᠰᠴᠤ᠂ ᠸᠣᠯᠭ᠎ᠠ | ᠮᠥᠷᠡᠨ ᠤ ᠤᠰᠤ ᠮᠡᠲᠦ ᠥᠷᠭᠡᠨ ᠠᠭᠤᠳᠠᠮ ᠭᠦᠨ ᠪᠠᠶᠢᠵᠤ᠂ ᠳᠤᠮᠳᠠᠳᠤ ᠤᠷᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢᠨ ᠰᠢᠷᠭᠢᠰᠢ ᠦᠭᠡᠢ ᠡᠬᠢ | ᠪᠤᠯᠠᠭ ᠪᠣᠯᠤᠭᠰᠠᠨ ᠪᠠᠶᠢᠨ᠎ᠠ᠃ | 80 ᠵᠢᠯ ᠤᠨ ᠡᠮᠦᠨ᠎ᠡ᠂ ᠳᠤᠮᠳᠠᠳᠤ ᠤᠯᠤᠰ᠂ ᠵᠥᠪᠯᠡᠯᠲᠦ ᠶᠢ ᠪᠠᠭᠲᠠᠭᠠᠭᠰᠠᠨ ᠪᠦᠭᠦ ᠳᠡᠯᠡᠬᠡᠢ ᠶᠢᠨ ᠰᠢᠳᠤᠷᠭᠤ ᠶᠣᠰᠣᠨ ᠤ ᠬᠦᠴᠦᠨ ᠬᠠᠷᠭᠢᠰ ᠳᠠᠶᠢᠰᠤᠨ ᠢ | ᠬᠠᠮᠲᠤ ᠪᠠᠷ ᠡᠰᠡᠷᠭᠦᠴᠡᠵᠦ᠂ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ ᠮᠥᠷᠥ ᠵᠡᠷᠭᠡᠴᠡᠨ ᠨᠢᠭᠡ ᠦᠶ᠎ᠡ ᠰᠠᠭᠰᠠᠭᠤᠷᠠᠨ ᠠᠭᠠᠰᠢᠯᠠᠵᠤ ᠪᠠᠶᠢᠭᠰᠠᠨ ᠹᠠᠱᠢᠰ ᠤᠨ | ᠬᠦᠴᠦᠨ ᠢ ᠪᠠᠶᠢᠯᠳᠤᠨ ᠢᠯᠠᠪᠠ᠃ 80 ᠵᠢᠯ ᠤᠨ ᠳᠠᠷᠠᠭᠠᠬᠢ ᠥᠨᠥᠳᠥᠷ᠂ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ᠂ ᠡᠵᠡᠷᠬᠡᠭ ᠶᠣᠰᠣᠨ ᠤ ᠡᠵᠡᠷᠬᠡᠭ | ᠠᠵᠢᠯᠯᠠᠭ᠎ᠠ ᠶᠢᠨ ᠬᠤᠣᠷ ᠬᠥᠨᠥᠭᠡᠯ ᠬᠦᠨᠳᠦ ᠨᠣᠴᠢᠲᠠᠢ ᠪᠠᠶᠢᠵᠤ᠂ ᠬᠥᠮᠥᠨ ᠲᠥᠷᠥᠯᠬᠢᠲᠡᠨ ᠪᠠᠰᠠ ᠨᠢᠭᠡ ᠤᠳᠠᠭ᠎ᠠ ᠪᠦᠯᠬᠦᠮᠳᠡᠬᠦ ᠦᠦ ᠡᠰᠡᠬᠦᠯ᠎ᠡ ᠬᠠᠭᠠᠴᠠᠬᠤ ᠤᠤ᠂ | ᠶᠠᠷᠢᠯᠴᠠᠬᠤ ᠦᠦ ᠡᠰᠡᠬᠦᠯ᠎ᠡ ᠡᠰᠡᠷᠭᠦᠴᠡᠯᠳᠦᠬᠦ ᠤᠤ᠂ᠬᠠᠮᠲᠤ ᠪᠠᠷ ᠠᠰᠢᠭ ᠭᠦᠷᠳᠡᠭᠦ ᠦᠦ ᠡᠰᠡᠬᠦᠯ᠎ᠡ ᠦᠯᠤ ᠡᠪᠰᠡᠬᠦ ᠤᠤ ᠭᠡᠬᠦ ᠠᠰᠠᠭᠤᠯᠳᠠ ᠶᠢᠨ ᠲᠣᠨᠣᠯᠵᠢᠨ ᠵᠠᠮ ᠳᠤ | ᠵᠣᠭᠰᠣᠪᠠ᠃ ᠤᠷᠤᠰ ᠤᠨ ᠠᠭᠤᠤ ᠶᠡᠭᠡ ᠵᠣᠬᠢᠶᠠᠯᠴᠢ ᠯᠧ · ᠲᠤᠯᠰᠲ᠋ᠤᠢ ︽ᠳᠠᠶᠢᠨ ᠪᠠ ᠡᠩᠬᠡ ᠲᠠᠶᠢᠪᠤᠩ︾ ᠭᠡᠬᠦ ᠵᠣᠬᠢᠶᠠᠯ ᠳᠠᠭᠠᠨ᠄ ︽ᠲᠡᠦᠬᠡ ᠪᠣᠯ ᠤᠯᠤᠰ ᠪᠠ | ᠬᠥᠮᠥᠨ ᠲᠥᠷᠥᠯᠬᠢᠲᠡᠨ ᠤ ᠨᠠᠮᠲᠠᠷ ᠮᠥᠨ︾ ᠭᠡᠵᠦ ᠪᠢᠴᠢᠭᠰᠡᠨ ᠪᠢᠯᠡ᠃ ᠲᠡᠦᠬᠡ ᠶᠢᠨ ᠳᠤᠷᠠᠰᠤᠮᠵᠢ ᠪᠣᠯᠣᠨ ᠦᠨᠡᠨ ᠬᠡᠷᠡᠭ ᠶᠠᠪᠤᠳᠠᠯ ᠨᠢ ᠣᠨ ᠰᠠᠷ᠎ᠠ ᠶᠢᠨ | ᠥᠩᠭᠡᠷᠡᠬᠦ ᠶᠢ ᠳᠠᠭᠠᠯᠳᠤᠨ ᠥᠩᠭᠡ ᠬᠤᠪᠢᠷᠠᠬᠤ ᠦᠭᠡᠢ ᠶᠤᠮ᠂ ᠪᠢᠳᠡᠨ ᠳᠤ ᠥᠭᠭᠦᠭᠰᠡᠨ ᠰᠡᠩᠬᠡᠷᠡᠭᠦᠯᠦᠯ ᠨᠢ ᠥᠨᠢ ᠡᠭᠦᠷᠢᠳᠡ ᠪᠣᠳᠠᠲᠤ ᠠᠬᠤᠢ ᠶᠢ ᠲᠤᠰᠬᠠᠵᠤ᠂ | ᠢᠷᠡᠭᠡᠳᠦᠢ ᠶᠢ ᠪᠡᠯᠭᠡᠳᠡᠵᠦ ᠪᠠᠶᠢᠳᠠᠭ᠃ ᠪᠢᠳᠡ ᠲᠡᠦᠬᠡ ᠪᠠᠷ ᠲᠣᠯᠢ ᠪᠤᠯᠭᠠᠵᠤ᠂ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠭᠦᠨᠵᠡᠭᠡᠢ ᠰᠤᠷᠭᠠᠮᠵᠢ ᠪᠣᠯᠣᠨ | ᠹᠠᠱᠢᠰ ᠢ ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠠᠴᠠ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠠ | ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ᠃ | — ᠪᠢᠳᠡ ᠳᠡᠯᠡᠬᠡᠢ ᠶᠢᠨ ᠬᠤᠶᠠᠳᠤᠭᠠᠷ ᠶᠡᠭᠡ ᠳᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠪᠠᠷᠢᠮᠲᠠᠯᠠᠶ᠎ᠠ᠃ ᠳᠤᠮᠳᠠᠳᠤ ᠤᠯᠤᠰ᠂ ᠵᠥᠪᠯᠡᠯᠲᠦ ᠲᠤᠰ | ᠲᠤᠰ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠠᠽᠢᠶ᠎ᠠ ᠲᠢᠪ ᠪᠣᠯᠣᠨ ᠡᠸᠦ᠋ᠷᠦᠫᠡ ᠲᠢᠪ ᠤᠨ ᠭᠤᠣᠯ ᠲᠠᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠶᠠᠫᠤᠨ ᠤ | ᠴᠡᠷᠢᠭᠯᠡᠬᠦ ᠦᠵᠡᠯ ᠪᠣᠯᠣᠨ ᠭᠧᠷᠮᠠᠨ ᠤ ᠨᠠᠼᠢᠰ ᠦᠵᠡᠯ ᠢ ᠡᠰᠡᠷᠭᠦᠴᠡᠬᠦ ᠭᠤᠣᠯ ᠲᠤᠯᠭᠠᠭᠤᠷᠢ ᠪᠣᠯᠵᠤ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ | ᠣᠯᠬᠤ ᠳᠤ ᠰᠢᠢᠳᠪᠦᠷᠢᠯᠡᠭᠴᠢ ᠴᠢᠨᠠᠷᠲᠠᠢ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠡᠬᠢᠯᠡᠭᠰᠡᠨ | ᠴᠠᠭ ᠨᠢ ᠬᠠᠮᠤᠭ ᠤᠨ ᠡᠷᠲᠡ᠂ ᠦᠷᠭᠦᠯᠵᠢᠯᠡᠭᠰᠡᠨ ᠴᠠᠭ ᠨᠢ ᠬᠠᠮᠤᠭ ᠤᠨ ᠤᠷᠲᠤ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠨᠠᠭᠠᠴᠢᠯᠠᠨ | ᠪᠠᠶᠢᠭᠤᠯᠤᠭᠰᠠᠨ ᠶᠠᠫᠤᠨ ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ ᠹᠷᠣᠨᠲ ᠤᠨ ᠲᠤᠭ ᠤᠨ ᠳᠣᠣᠷ᠎ᠠ᠂ ᠳᠤᠮᠳᠠᠳᠤ ᠶᠢᠨ ᠬᠥᠪᠡᠭᠦᠳ ᠥᠬᠢᠳ ᠡᠮᠦᠨᠡᠬᠢ ᠨᠢ | ᠤᠨᠠᠲᠠᠯ᠎ᠠ ᠬᠤᠶᠢᠨᠠᠬᠢ ᠨᠢ ᠵᠠᠯᠭᠠᠮᠵᠢᠯᠠᠵᠤ᠂ ᠰᠡᠳᠬᠢᠯ ᠢᠶᠠᠨ ᠨᠢᠭᠡᠳᠬᠡᠵᠦ᠂ ᠯᠤᠲᠤ ᠶᠡᠭᠡ ᠦᠷᠡᠭᠳᠡᠯ ᠭᠠᠷᠭᠠᠵᠤ ᠲᠤᠶᠢᠯ ᠤᠨ ᠬᠠᠷᠭᠢᠰ ᠬᠡᠷᠴᠡᠭᠡᠢ ᠶᠠᠫᠤᠨ ᠤ ᠴᠡᠷᠢᠭᠯᠡᠬᠦ | ᠦᠵᠡᠯᠲᠡᠳ ᠢ ᠴᠣᠬᠢᠨ ᠢᠯᠠᠵᠤ᠂ ᠶᠠᠫᠤᠨ ᠢ ᠡᠰᠡᠷᠭᠦᠴᠡᠬᠦ ᠳᠠᠶᠢᠨ ᠤ ᠢᠯᠠᠯᠲᠠ ᠶᠢᠨ ᠠᠭᠤᠤ ᠶᠡᠭᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠡᠸᠦ᠋ᠷᠦᠫᠡ ᠲᠢᠪ ᠤᠨ | ᠲᠠᠶᠢᠨ ᠤ ᠲᠠᠯᠠᠪᠤᠷ ᠲᠤ᠂ ᠵᠥᠪᠯᠡᠯᠲᠦ ᠶᠢᠨ ᠤᠯᠠᠭᠠᠨ ᠴᠡᠷᠢᠭ ᠬᠠᠳᠠᠨ ᠪᠠᠲᠤ ᠵᠣᠷᠢᠭ ᠢᠶᠠᠷ ᠪᠣᠯᠣᠳ ᠲᠡᠮᠦᠷ ᠮᠡᠲᠦ ᠬᠦᠴᠦᠲᠦ ᠤᠷᠤᠰᠬᠠᠯ ᠢ ᠳᠠᠪᠲᠠᠨ | ᠪᠤᠯᠪᠠᠰᠤᠷᠠᠭᠤᠯᠵᠤ᠂ ᠨᠠᠼᠢᠰ ᠤᠨ ᠲᠦᠷᠢᠮᠡᠬᠡᠶᠢᠯᠡᠭᠴᠢᠳ ᠤᠨ ᠵᠡᠷᠯᠢᠭ ᠰᠠᠨᠠᠭ᠎ᠠ ᠶᠢ ᠰᠦᠢᠷᠡᠭᠦᠯᠵᠦ᠂ ᠭᠧᠷᠮᠠᠨ ᠤ ᠹᠠᠱᠢᠰ ᠲᠤ ᠪᠣᠭᠤᠯᠴᠢᠯᠠᠭᠳᠠᠭᠰᠠᠨ ᠠᠷᠠᠳ ᠲᠦᠮᠡᠨ ᠢ | ᠴᠢᠯᠦᠭᠡᠯᠡᠵᠦ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠶᠢᠨ ᠢᠷᠠᠭᠤ ᠭᠠᠶᠢᠬᠠᠮᠰᠢᠭᠲᠤ ᠲᠤᠤᠯᠢᠰ ᠢ ᠪᠢᠴᠢᠭᠯᠡᠪᠡ᠃ | ᠭᠡᠭᠡᠨ ᠰᠠᠷᠠᠭᠤᠯ ᠯᠠᠪᠲᠠᠢ ᠪᠠᠯᠠᠷ ᠬᠠᠷᠠᠩᠭᠤᠢ ᠶᠢ ᠦᠯᠳᠠᠵᠤ᠂ ᠰᠢᠳᠤᠷᠭᠤ ᠶᠣᠰᠣ ᠡᠴᠦᠰ ᠲᠡᠭᠡᠨ ᠭᠠᠵᠢᠭᠤ ᠪᠤᠷᠤᠭᠤ ᠶᠢ ᠢᠯᠠᠨ᠎ᠠ ᠭᠡᠳᠡᠭ ᠢ ᠲᠡᠦᠬᠡ | ᠪᠢᠳᠡᠨ ᠳᠤ ᠬᠡᠯᠡᠵᠦ ᠥᠭᠪᠡ᠃ ᠨᠢᠦᠶᠢᠷᠧᠨ᠋ᠪᠦ᠋ᠷᠡᠭ ᠤᠨ ᠤᠯᠠᠨ ᠤᠯᠤᠰ ᠤᠨ ᠴᠡᠷᠢᠭ ᠤᠨ ᠶᠠᠪᠤᠳᠠᠯ ᠤᠨ ᠰᠢᠭᠦᠬᠦ ᠲᠢᠩᠬᠢᠮ᠂ ᠠᠯᠤᠰ ᠳᠣᠷᠣᠨᠠᠲᠤ ᠶᠢᠨ ᠤᠯᠠᠨ | ᠤᠯᠤᠰ ᠤᠨ ᠴᠡᠷᠢᠭ ᠤᠨ ᠶᠠᠪᠤᠳᠠᠯ ᠤᠨ ᠰᠢᠭᠦᠬᠦ ᠲᠢᠩᠬᠢᠮ ᠲᠠᠶᠢᠨ ᠤ ᠶᠠᠯᠠᠳᠡᠨ ᠢ ᠲᠡᠦᠬᠡ ᠶᠢᠨ ᠭᠤᠲᠤᠮᠰᠢᠭ ᠤᠨ ᠪᠠᠭᠠᠨ᠎ᠠ ᠳᠡᠭᠡᠷ᠎ᠡ ᠡᠭᠦᠷᠢᠳᠡ ᠬᠠᠳᠠᠵᠤ ᠲᠠᠯᠪᠢᠪᠠ᠂ | ᠡᠨᠡ ᠬᠤᠶᠠᠷ ᠤᠳᠠᠭ᠎ᠠ ᠶᠢᠨ ᠶᠡᠭᠡ ᠰᠢᠭᠦᠨ ᠲᠠᠰᠤᠯᠤᠯᠳᠠ ᠶᠢᠨ ᠰᠢᠳᠤᠷᠭᠤ ᠶᠣᠰᠣᠨ ᠤ ᠰᠢᠨᠵᠢ ᠴᠢᠨᠠᠷ᠂ ᠲᠡᠦᠬᠡ ᠶᠢᠨ ᠦᠨ᠎ᠡ ᠦᠷᠳᠡᠭ᠂ ᠴᠠᠭ ᠦᠶ᠎ᠡ ᠶᠢᠨ ᠠᠴᠢ | ᠬᠤᠯᠪᠣᠭᠳᠠᠯ ᠪᠣᠯ ᠭᠤᠶᠢᠪᠢᠰᠢ ᠦᠭᠡᠢ ᠶᠤᠮ︕ ᠳᠡᠯᠡᠬᠡᠢ ᠶᠢᠨ ᠬᠤᠶᠠᠳᠤᠭᠠᠷ ᠲᠠᠶᠢᠨ ᠤ ᠲᠡᠦᠬᠡ ᠶᠢᠨ ᠦᠨᠡᠨ ᠢ ᠭᠠᠵᠢᠭᠤᠳᠠᠭᠤᠯᠵᠤ᠂ ᠳᠡᠯᠡᠬᠡᠢ ᠶᠢᠨ ᠬᠤᠶᠠᠳᠤᠭᠠᠷ | ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠦᠭᠡᠶᠢᠰᠬᠡᠵᠦ᠂ ᠳᠤᠮᠳᠠᠳᠤ ᠵᠥᠪᠯᠡᠯᠲᠦ ᠶᠢᠨ ᠲᠡᠦᠬᠡᠨ ᠭᠠᠪᠢᠶ᠎ᠠ ᠵᠢᠳᠬᠦᠯ ᠢ ᠭᠤᠲᠤᠭᠠᠬᠤ ᠭᠡᠰᠡᠨ ᠠᠯᠢᠪᠠ | ᠭᠤᠷᠢᠳᠠᠯᠭ᠎ᠠ ᠴᠥᠮ ᠪᠡᠶᠡᠯᠡᠭᠳᠡᠬᠦ ᠦᠭᠡᠢ ᠶᠤᠮ︕ ᠲᠡᠦᠬᠡ ᠶᠢ ᠤᠬᠤᠷᠢᠭᠤᠯᠬᠤ ᠶᠠᠮᠠᠷᠪᠠ ᠠᠵᠢᠯᠯᠠᠭ᠎ᠠ ᠶᠢ ᠳᠤᠮᠳᠠᠳᠤ ᠤᠷᠤᠰ ᠬᠤᠶᠠᠷ ᠤᠯᠤᠰ ᠤᠨ ᠠᠷᠠᠳ ᠲᠦᠮᠡᠨ | ᠵᠥᠪᠰᠢᠶᠡᠷᠡᠬᠦ ᠦᠭᠡᠢ ᠪᠠᠷ ᠪᠠᠷᠠᠬᠤ ᠦᠭᠡᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠴᠦ ᠵᠥᠪᠰᠢᠶᠡᠷᠡᠬᠦ ᠦᠭᠡᠢ ᠶᠤᠮ︕ | — ᠪᠢᠲᠠ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠶ᠎ᠠ᠃ ᠳᠡᠯᠡᠬᠡᠢ ᠶᠢᠨ ᠬᠤᠶᠠᠳᠤᠭᠠᠷ ᠲᠠᠶᠢᠨ ᠳᠠᠭᠤᠰᠬᠤ ᠠᠴᠠ ᠡᠮᠦᠨ᠎ᠡ | ᠬᠤᠶᠢᠨᠠᠬᠢ ᠳᠡᠯᠡᠬᠡᠢ ᠨᠡᠶᠢᠲᠡ ᠶᠢᠨ ᠲᠣᠭᠲᠠᠭᠠᠭᠰᠠᠨ ᠬᠠᠮᠤᠭ ᠤᠨ ᠴᠢᠬᠤᠯᠠ ᠲᠣᠭᠲᠠᠭᠠᠯ ᠪᠣᠯ ᠳᠠᠷᠤᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠪᠠᠶᠢᠭᠤᠯᠬᠤ | ᠶᠠᠪᠤᠳᠠᠯ ᠪᠣᠯᠣᠨ᠎ᠠ᠃ ᠳᠤᠮᠳᠠᠳᠤ ᠤᠯᠤᠰ ᠪᠣᠯᠣᠨ ᠵᠥᠪᠯᠡᠯᠲᠦ ᠬᠠᠮᠤᠭ ᠤᠨ ᠲᠦᠷᠦᠭᠦᠨ ᠳᠤ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ | ᠳᠦᠷᠢᠮ︾ ᠳᠡᠭᠡᠷ᠎ᠡ ᠭᠠᠷ ᠤᠨ ᠦᠰᠦᠭ ᠵᠢᠷᠤᠪᠠ᠂ ᠬᠤᠶᠠᠷ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠳᠠᠬᠢ | ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠤᠯᠬᠤ ᠪᠠᠶᠢᠷᠢ ᠰᠠᠭᠤᠷᠢ ᠪᠣᠯ ᠲᠡᠦᠬᠡ ᠠᠴᠠ ᠪᠦᠷᠢᠯᠳᠦᠭᠰᠡᠨ ᠶᠤᠮ᠂ ᠠᠷᠢᠭᠤᠨ ᠴᠢᠰᠤ ᠪᠠ ᠠᠮᠢ ᠨᠠᠰᠤ ᠪᠠᠷ ᠢᠶᠠᠨ | ᠰᠣᠯᠢᠵᠤ ᠠᠪᠴᠢᠷᠠᠭᠰᠠᠨ ᠶᠤᠮ᠃ ᠳᠡᠯᠡᠬᠡᠢ ᠶᠢᠨ ᠪᠠᠶᠢᠳᠠᠯ ᠬᠡᠳᠦᠢ ᠤᠷᠪᠠᠭᠠᠨ ᠬᠥᠷᠪᠡᠭᠡᠨ ᠲᠠᠢ ᠪᠤᠯᠬᠤ ᠲᠤᠳᠤᠮ᠂ ᠪᠢᠳᠡ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠷᠬᠡ ᠰᠦᠷ ᠢ ᠤᠯᠠᠮ ᠪᠠᠷᠢᠮᠲᠠᠯᠠᠨ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ | ᠰᠢᠰᠲ᠋ᠧᠮ᠂ ᠤᠯᠠᠨ ᠤᠯᠤᠰ ᠤᠨ ᠬᠠᠤᠯᠢ ᠳᠤ ᠰᠠᠭᠤᠷᠢᠯᠠᠭᠰᠠᠨ ᠤᠯᠠᠨ ᠤᠯᠤᠰ ᠤᠨ ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ᠂ | ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ | ᠦᠷᠭᠦᠯᠵᠢᠯᠡᠨ ᠠᠬᠢᠭᠤᠯᠤᠶ᠎ᠠ᠃ | ᠡᠨᠡ ᠵᠢᠯ ᠪᠣᠯ ᠮᠥᠨ ᠴᠤ ᠲᠠᠶᠢᠸᠠᠨ ᠢ ᠡᠭᠡᠭᠦᠯᠦᠨ ᠠᠪᠤᠭᠰᠠᠨ 80 ᠵᠢᠯ ᠤᠨ ᠣᠶ ᠪᠣᠯᠣᠨ᠎ᠠ᠃ ᠲᠠᠶᠢᠸᠠᠨ ᠳᠤᠮᠳᠠᠳᠤ ᠤᠯᠤᠰ ᠲᠤ ᠪᠤᠴᠠᠵᠤ ᠢᠷᠡᠭᠰᠡᠨ | ᠶᠠᠪᠤᠳᠠᠯ ᠪᠣᠯ ᠳᠡᠯᠡᠬᠡᠢ ᠶᠢᠨ ᠬᠤᠶᠠᠳᠤᠭᠠᠷ ᠳᠠᠶᠢᠨ ᠤ ᠢᠯᠠᠯᠲᠠ ᠶᠢᠨ ᠦᠷ᠎ᠡ ᠪᠦᠲᠦᠭᠡᠯ ᠪᠠ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠤᠨ ᠴᠢᠬᠤᠯᠠ | ᠪᠦᠷᠢᠯᠳᠦᠭᠦᠨ ᠬᠡᠰᠡᠭ ᠮᠥᠨ᠃ ︽ᠺᠠᠶᠢᠷᠤ᠋ ᠶᠢᠨ ᠲᠤᠩᠬᠠᠭ︾᠂ ︽ᠫᠤᠼᠳᠠᠮ ᠤᠨ ᠠᠯᠪᠠᠨ ᠵᠠᠷᠯᠠᠯ︾ ᠵᠡᠷᠭᠡ ᠤᠯᠠᠨ ᠤᠯᠤᠰ ᠤᠨ ᠬᠠᠤᠯᠢ ᠶᠢᠨ ᠬᠦᠴᠦᠨ ᠪᠦᠬᠦᠢ | ᠠᠯᠢ ᠤᠯᠠᠨ ᠪᠢᠴᠢᠭ ᠮᠠᠲ᠋ᠧᠷᠢᠶᠠᠯ ᠳᠤ ᠴᠥᠮ ᠳᠤᠮᠳᠠᠳᠤ ᠤᠯᠤᠰ ᠤᠨ ᠲᠠᠶᠢᠸᠠᠨ ᠳᠠᠬᠢ ᠡᠷᠬᠡ ᠮᠡᠳᠡᠯ ᠢ ᠨᠤᠲᠠᠯᠠᠪᠠ᠂ ᠲᠡᠭᠦᠨ ᠤ ᠲᠡᠦᠬᠡ ᠪᠠ ᠬᠠᠤᠯᠢ ᠶᠣᠰᠣᠨ ᠤ | ᠪᠣᠳᠠᠲᠤ ᠬᠡᠷᠡᠭ ᠨᠢ ᠰᠡᠵᠢᠭᠯᠡᠭᠳᠡᠰᠢ ᠦᠭᠡᠢ ᠶᠤᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ 2758 ᠳ᠋ᠤᠭᠠᠷ ᠲᠣᠭᠠᠲᠤ | ᠰᠢᠢᠳᠪᠦᠷᠢ ᠶᠢᠨ ᠡᠷᠬᠡ ᠰᠦᠷᠲᠦ ᠴᠢᠨᠠᠷ ᠲᠤ ᠬᠠᠯᠳᠠᠵᠤ ᠪᠣᠯᠣᠰᠢ ᠦᠭᠡᠢ ᠶᠤᠮ᠃ ᠲᠠᠶᠢᠸᠠᠨ ᠠᠷᠠᠯ ᠤᠨ ᠳᠣᠲᠣᠭᠠᠳᠤ ᠶᠢᠨ ᠪᠠᠶᠢᠳᠠᠯ ᠳᠤ ᠶᠠᠮᠠᠷ ᠬᠤᠪᠢᠷᠠᠯᠲᠠ | ᠭᠠᠷᠤᠭᠰᠠᠨ ᠴᠤ᠂ ᠭᠠᠳᠠᠭᠠᠳᠤ ᠶᠢᠨ ᠬᠦᠴᠦᠨ ᠶᠠᠭᠠᠬᠢᠵᠤ ᠲᠦᠢᠪᠡᠭᠡᠭᠰᠡᠨ ᠴᠦ᠂ ᠳᠤᠮᠳᠠᠳᠤ ᠤᠯᠤᠰ ᠡᠴᠦᠰ ᠲᠡᠭᠡᠨ ᠨᠢᠭᠡᠳᠦᠯ ᠢ ᠪᠡᠶᠡᠯᠡᠭᠦᠯᠬᠦ ᠪᠥᠭᠡᠳ ᠯᠠᠪᠲᠠᠢ | ᠨᠢᠭᠡᠳᠦᠯ ᠢ ᠪᠡᠶᠡᠯᠡᠭᠦᠯᠬᠦ ᠲᠡᠦᠬᠡ ᠶᠢᠨ ᠶᠡᠭᠡ ᠬᠠᠨᠳᠤᠰᠢ ᠬᠤᠷᠢᠭᠯᠠᠭᠳᠠᠰᠢ ᠦᠭᠡᠢ ᠶᠤᠮ᠃ | ᠳᠤᠮᠳᠠᠳᠤ ᠤᠷᠤᠰ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠢᠮᠠᠭᠲᠠ | ᠡᠷᠡᠰ ᠳᠡᠮᠵᠢᠯᠴᠡᠪᠡ᠃ ᠤᠷᠤᠰ ᠤᠨ ᠲᠠᠯ᠎ᠠ ᠶᠢᠨ ᠬᠢᠨ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠬᠢᠴᠢᠶᠡᠩᠭᠦᠶᠢᠯᠡᠨ ᠵᠢᠷᠤᠮᠯᠠᠨ᠎ᠠ᠂ ᠲᠠᠶᠢᠸᠠᠨ ᠪᠣᠯ ᠳᠤᠮᠳᠠᠳᠤ | ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ᠂ ᠶᠠᠮᠠᠷᠪᠠ ᠭᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ | ᠡᠰᠡᠷᠭᠦᠴᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠤᠯᠤᠰ ᠭᠡᠷ ᠤᠨ ᠢᠶᠠᠨ ᠨᠢᠭᠡᠳᠦᠯ ᠢ ᠪᠡᠶᠡᠯᠡᠭᠦᠯᠬᠦ ᠶᠢᠨ | ᠲᠥᠯᠥᠭᠡ ᠠᠪᠤᠭᠰᠠᠨ ᠠᠯᠢᠪᠠ ᠠᠷᠭ᠎ᠠ ᠬᠡᠮᠵᠢᠶ᠎ᠡ ᠶᠢ ᠡᠷᠡᠰ ᠳᠡᠮᠵᠢᠨ᠎ᠡ ᠭᠡᠵᠦ ᠣᠯᠠᠨᠲᠠ ᠴᠢᠬᠤᠯᠠᠴᠢᠯᠠᠪᠠ᠃ ᠳᠤᠮᠳᠠᠳᠤ ᠤᠯᠤᠰ ᠡᠭᠦᠨ ᠢ ᠳᠡᠭᠡᠳᠦ ᠬᠡᠮᠵᠢᠶ᠎ᠡ ᠪᠠᠷ | ᠦᠨᠡᠯᠡᠵᠦ ᠪᠠᠶᠢᠨ᠎ᠠ᠃ | — ᠪᠢᠳᠠ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠶ᠎ᠠ᠃ ᠣᠳᠣᠬᠠᠨ ᠤ ᠳᠡᠯᠡᠬᠡᠢ ᠶᠢᠷᠲᠢᠨᠴᠦ ᠳᠤ᠂ ᠡᠩᠬᠡ ᠲᠠᠶᠢᠪᠤᠩ ᠤᠨ | ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ ᠨᠡᠮᠡᠭᠳᠡᠭᠰᠡᠨ ᠠᠴᠠ ᠪᠢᠰᠢ | ᠬᠠᠰᠤᠭᠳᠠᠭᠰᠠᠨ ᠦᠭᠡᠢ᠃ ᠪᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠳᠤᠷᠠᠳᠤᠭᠰᠠᠨ ᠨᠢ ᠳᠠᠷᠤᠢ ᠳᠡᠭᠡᠷ᠎ᠡ ᠳᠤᠷᠠᠳᠤᠭᠰᠠᠨ ᠤᠯᠠᠭᠠᠨ ᠲᠤᠭ᠎ᠠ ᠶᠢ ᠰᠢᠢᠳᠪᠦᠷᠢᠯᠡᠵᠦ᠂ ᠲᠥᠪ ᠭᠤᠣᠯᠴᠢ ᠰᠢᠳᠤᠷᠭᠤ ᠶᠣᠰᠣ ᠪᠠᠷ ᠣᠶᠢᠯᠠᠭᠠᠭᠳᠠᠬᠤᠨ ᠪᠤᠯᠭᠠᠵᠤ | ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠢᠳᠡᠪᠬᠢᠲᠡᠢ ᠬᠥᠲᠥᠯᠥᠨ ᠳᠠᠭᠠᠭᠤᠯᠬᠤ ᠶᠢᠨ ᠲᠥᠯᠥᠭᠡ ᠶᠤᠮ᠃ | ᠳᠡᠯᠡᠬᠡᠢ ᠶᠢᠷᠲᠢᠨᠴᠦ ᠲᠥᠪ ᠭᠤᠣᠯᠴᠢ ᠪᠠᠶᠢᠬᠤ ᠬᠡᠷᠡᠭᠲᠡᠢ᠂ ᠬᠠᠷᠭᠢᠰ ᠬᠡᠷᠴᠡᠭᠡᠢ ᠪᠠᠶᠢᠵᠤ ᠪᠤᠯᠬᠤ ᠦᠭᠡᠢ᠃ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠠᠷᠭᠠᠴᠠᠭᠠᠬᠤ ᠳᠤ ᠡᠷᠬᠡᠪᠰᠢ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢᠨ | ᠦᠵᠡᠯᠲᠡ ᠶᠢ ᠪᠠᠷᠢᠮᠲᠠᠯᠠᠵᠤ᠂ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠠᠨᠢᠲᠠᠨ ᠪᠤᠯᠬᠤ ᠠᠴᠠ ᠪᠢᠰᠢ ᠬᠤᠯᠪᠤᠭ᠎ᠠ ᠪᠠᠶᠢᠭᠤᠯᠬᠤ ᠦᠭᠡᠢ᠂ | ᠬᠠᠮᠲᠤ ᠪᠠᠷ ᠠᠰᠢᠭ ᠭᠦᠷᠳᠡᠭᠦ ᠠᠴᠠ ᠪᠢᠰᠢ ᠦᠯᠦ ᠡᠪᠰᠡᠬᠦ ᠦᠭᠡᠢ ᠪᠠᠶᠢᠬᠤ ᠶᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠯ᠎ᠡ | ᠲᠠᠯ᠎ᠠ ᠶᠢᠨ ᠬᠢᠨ ᠤ ᠵᠦᠢ ᠶᠣᠰᠣᠨ ᠤ ᠠᠩᠬᠠᠷᠴᠤ ᠪᠠᠶᠢᠭ᠎ᠠ ᠠᠰᠠᠭᠤᠳᠠᠯ ᠢ ᠬᠠᠷᠠᠭᠠᠯᠵᠠᠵᠤ᠂ ᠤᠯᠠᠨ ᠤᠯᠤᠰ ᠤᠨ ᠳᠦᠷᠢᠮ ᠪᠠ ᠡᠮᠬᠢ ᠳᠢᠭᠯᠢᠮ ᠢ ᠬᠠᠮᠠᠭᠠᠯᠠᠬᠤ ᠶᠢ | ᠪᠠᠷᠢᠮᠲᠠᠯᠠᠬᠤ ᠬᠡᠷᠡᠭᠲᠡᠢ ᠭᠡᠳᠡᠭ ᠢ ᠲᠡᠦᠬᠡ ᠪᠠ ᠪᠣᠳᠠᠲᠤ ᠠᠬᠤᠢ ᠴᠥᠮ ᠬᠠᠷᠠᠭᠤᠯᠵᠤ ᠪᠠᠶᠢᠨ᠎ᠠ᠃ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠪᠦᠷ ᠲᠡᠦᠬᠡ ᠶᠢᠨ | ᠵᠥᠪ ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠭᠰᠣᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃ | ᠳᠤᠮᠳᠠᠳᠤ ᠤᠯᠤᠰ ᠪᠣᠯᠣᠨ ᠤᠷᠤᠰ ᠪᠣᠯ ᠴᠥᠮ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠮᠥᠨ᠂ ᠪᠦᠭᠦ ᠪᠥᠮᠪᠥᠷᠴᠡᠭ ᠤᠨ ᠪᠠᠶᠢᠯᠳᠤᠬᠤ | ᠪᠣᠳᠣᠯᠭ᠎ᠠ ᠶᠢᠨ ᠲᠣᠭᠲᠠᠭᠤᠨ ᠢ ᠬᠠᠮᠠᠭᠠᠯᠠᠬᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠪᠦᠲᠦᠭᠡᠯᠴᠢ ᠴᠢᠨᠠᠷᠲᠠᠢ ᠬᠦᠴᠦᠨ ᠮᠥᠨ᠃ ᠳᠤᠮᠳᠠᠳᠤ | ᠤᠷᠤᠰ ᠤᠨ ᠬᠠᠷᠢᠯᠴᠠᠭ᠎ᠠ ᠲᠣᠪ ᠲᠣᠳᠣᠷᠬᠠᠢ ᠲᠡᠦᠬᠡ ᠶᠢᠨ ᠯᠣᠭᠢᠭ᠂ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ᠂ ᠭᠦᠨ ᠵᠤᠵᠠᠭᠠᠨ ᠪᠣᠯᠪᠠᠰᠤᠨ ᠤ ᠣᠣᠷ | ᠲᠤᠨᠳᠠᠰᠤ ᠲᠠᠢ ᠶᠤᠮ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ ᠪᠥᠭᠡᠳ ᠶᠠᠮᠠᠷᠪᠠ ᠭᠤᠷᠪᠠᠳᠤᠭᠠᠷ ᠡᠲᠡᠭᠡᠳ ᠲᠤ ᠴᠦ ᠬᠢᠵᠠᠭᠠᠷᠯᠠᠭᠳᠠᠬᠤ ᠦᠭᠡᠢ᠃ ᠬᠤᠶᠠᠷ | ᠲᠠᠯ᠎ᠠ ᠪᠠᠷ ᠢᠶᠠᠨ ᠳᠤᠮᠳᠠᠳᠤ ᠤᠷᠤᠰ ᠤᠨ ᠨᠥᠬᠦᠷᠯᠡᠯ ᠪᠣᠯᠣᠨ ᠢᠲᠡᠭᠡᠯᠴᠡᠭᠡ ᠶᠢ ᠡᠪᠳᠡᠬᠦ ᠶᠠᠮᠠᠷᠪᠠ ᠭᠤᠷᠢᠳᠠᠯᠭ᠎ᠠ ᠶᠢ ᠬᠠᠮᠲᠤ ᠪᠠᠷ ᠡᠰᠡᠷᠭᠦᠴᠡᠵᠦ᠂ ᠲᠦᠷ ᠴᠠᠭ ᠤᠨ | ᠶᠠᠪᠤᠳᠠᠯ ᠳᠤ ᠲᠥᠭᠡᠷᠢᠭᠳᠡᠬᠦ ᠦᠭᠡᠢ᠂ ᠰᠢᠷᠦᠭᠦᠨ ᠰᠠᠯᠬᠢ ᠲᠤᠬᠰᠢᠨ ᠳᠠᠪᠠᠯᠭᠠᠨ ᠳᠤ ᠨᠥᠯᠥᠭᠡᠯᠡᠭᠳᠡᠬᠦ ᠦᠭᠡᠢ ᠪᠠᠶᠢᠵᠤ᠂ ᠳᠤᠮᠳᠠᠳᠤ ᠤᠷᠤᠰ ᠤᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ ᠲᠣᠬᠲᠠᠭᠠᠯᠲᠤ ᠴᠢᠨᠠᠷ ᠪᠣᠯᠣᠨ ᠤᠶᠠᠨ ᠬᠠᠳᠠᠨ ᠴᠢᠨᠠᠷ ᠢᠶᠠᠷ ᠳᠡᠯᠡᠬᠡᠢ ᠶᠢᠨ ᠤᠯᠠᠨ ᠲᠤᠶᠢᠯᠵᠢᠯᠲᠠ ᠶᠢᠨ ᠠᠬᠢᠴᠠ ᠶᠢ ᠬᠠᠮᠲᠤ ᠪᠠᠷ | ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ᠃ | ᠳᠤᠮᠳᠠᠳᠤ ᠤᠯᠤᠰ ᠪᠠ ᠤᠷᠤᠰ ᠪᠣᠯ ᠴᠥᠮ ᠭᠡᠷᠡᠯ ᠰᠠᠴᠤᠷᠠᠩᠭᠤᠢ ᠪᠣᠯᠪᠠᠰᠤᠨ ᠲᠠᠢ ᠠᠭᠤᠤ ᠶᠡᠭᠡ ᠤᠯᠤᠰ ᠮᠥᠨ᠂ ᠳᠤᠮᠳᠠᠳᠤ ᠤᠯᠤᠰ ᠤᠨ ᠠᠷᠠᠳ ᠲᠦᠮᠡᠨ | ᠪᠠ ᠤᠷᠤᠰ ᠤᠨ ᠠᠷᠠᠳ ᠲᠦᠮᠡᠨ ᠪᠣᠯ ᠴᠥᠮ ᠪᠠᠭᠠᠲᠤᠷᠯᠢᠭ ᠤᠳᠤᠮᠰᠢᠯ ᠲᠠᠢ ᠠᠭᠤᠤ ᠶᠡᠭᠡ ᠠᠷᠠᠳ ᠲᠦᠮᠡᠨ ᠮᠥᠨ᠃ 80 ᠵᠢᠯ ᠤᠨ ᠡᠮᠦᠨ᠎ᠡ᠂ ᠪᠢᠳᠠ | ᠡᠷᠡᠯᠬᠡᠭ ᠢᠶᠠᠷ ᠡᠰᠡᠷᠭᠦᠴᠡᠨ ᠲᠡᠮᠡᠴᠡᠵᠦ ᠹᠠᠱᠢᠰ ᠢ ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠶᠢ ᠣᠯᠪᠠ᠃ 80 ᠵᠢᠯ ᠤᠨ ᠳᠠᠷᠠᠭᠠᠬᠢ ᠥᠨᠥᠳᠥᠷ᠂ ᠪᠢᠳᠡ | ᠠᠯᠢᠪᠠ ᠴᠢᠬᠤᠯᠠ ᠪᠦᠬᠦᠢ ᠠᠷᠭ᠎ᠠ ᠬᠡᠮᠵᠢᠶ᠎ᠡ ᠶᠢ ᠠᠪᠴᠤ᠂ ᠲᠤᠰ ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠡᠷᠡᠰ | ᠬᠠᠮᠠᠭᠠᠯᠠᠵᠤ᠂ ᠡᠷᠡᠰ ᠪᠠᠲᠤ ᠪᠠᠷ ᠲᠡᠦᠬᠡ ᠶᠢᠨ ᠳᠤᠷᠠᠰᠤᠮᠵᠢ ᠶᠢᠨ ᠬᠠᠮᠠᠭᠠᠯᠠᠭᠴᠢ᠂ ᠬᠥᠭᠵᠢᠯ ᠮᠠᠨᠳᠤᠯ ᠤᠨ ᠵᠠᠮ ᠳᠠᠬᠢ ᠬᠠᠮᠲᠤ ᠤᠷᠤᠭᠰᠢᠯᠠᠭᠴᠢ᠂ ᠤᠯᠠᠨ ᠤᠯᠤᠰ ᠤᠨ | ᠲᠥᠪ ᠭᠤᠣᠯᠴᠢ ᠰᠢᠳᠤᠷᠭᠤ ᠶᠣᠰᠣᠨ ᠤ ᠬᠠᠮᠠᠭᠠᠯᠠᠭᠴᠢ ᠪᠣᠯᠵᠤ᠂ ᠭᠠᠷ ᠬᠤᠯᠪᠣᠨ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭᠠᠨ ᠤ ᠲᠥᠯᠥᠭᠡ ᠨᠡᠩ | ᠭᠡᠭᠡᠨ ᠰᠠᠷᠠᠭᠤᠯ ᠢᠷᠡᠭᠡᠳᠦᠢ ᠶᠢ ᠲᠡᠮᠡᠴᠡᠨ ᠴᠣᠭᠴᠠᠯᠠᠶ᠎ᠠ᠃ | | | |