| | ᠲᠤᠬᠠᠢ ᠶᠢᠨ ᠭᠠᠵᠠᠷ ᠤᠨ ᠴᠠᠭ ᠢᠶᠠᠷ 5 ᠳ᠋ᠤᠭᠠᠷ ᠰᠠᠷ᠎ᠠ ᠶᠢᠨ 9 ᠤ ᠡᠳᠦᠷ ᠂ ᠣᠷᠣᠰ ᠤᠨ ᠬᠢᠨ ᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ | ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠪᠠᠶᠠᠷ ᠤᠨ ᠶᠣᠰᠣᠯᠠᠯ ᠤᠨ ᠭᠤᠣᠯ ᠲᠠᠶᠢᠰᠠᠨ ᠳᠡᠭᠡᠷ᠎ᠡ ᠂ ᠲᠡᠷᠢᠭᠦᠯᠡᠭᠴᠢ ᠰᠢ ᠶᠢᠨ ᠫᠢᠩ | ᠳᠡᠷᠭᠡᠳᠡᠬᠢ ᠠᠬᠠᠮᠠᠳ ᠪᠠᠶᠢᠯᠳᠤᠭᠴᠢᠳ ᠲᠠᠢ ᠳᠣᠲᠣᠨᠣᠰᠤᠭ ᠢᠶᠠᠷ ᠶᠠᠷᠢᠯᠴᠠᠵᠤ ᠪᠠᠶᠢᠨ᠎ᠠ ᠃ | | 10 ᠵᠢᠯ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ ᠮᠣᠰᠺᠸᠠ ᠳᠤ ᠣᠷᠣᠰ ᠤᠨ ᠠᠬᠠᠮᠠᠳ ᠪᠠᠶᠢᠯᠳᠤᠭᠴᠢᠳ ᠤᠨ 18 ᠲᠥᠯᠥᠭᠡᠯᠡᠭᠴᠢ ᠯᠦᠭᠡ | ᠲᠤᠰᠬᠠᠶᠢᠯᠠᠨ ᠠᠭᠤᠯᠵᠠᠯᠲᠠ ᠬᠢᠭᠰᠡᠨ ᠪᠢᠯᠡ ᠃ ᠲᠤᠰ ᠵᠢᠯ ᠤᠨ ᠬᠢᠨᠢ 9 ᠳ᠋ᠦ᠋ᠭᠡᠷ ᠰᠠᠷ᠎ᠠ ᠳᠤ ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠠᠷᠠᠳ | ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠢᠯᠠᠯᠲᠠ ᠣᠯᠣᠭᠰᠠᠨ 70 ᠵᠢᠯ ᠤᠨ ᠤᠢ ᠶᠢᠨ ᠳᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠳᠡᠭᠡᠷ᠎ᠡ ᠂ ᠶᠠᠫᠤᠨ ᠢ | ᠡᠰᠡᠷᠭᠦᠴᠡᠭᠰᠡᠨ ᠳᠠᠶᠢᠨ ᠳᠤ ᠣᠷᠣᠯᠴᠠᠭᠰᠠᠨ ᠠᠬᠠᠮᠠᠳ ᠪᠠᠶᠢᠯᠳᠤᠭᠴᠢ ᠠᠬᠠᠮᠠᠳ ᠨᠥᠬᠦᠳ᠂ ᠶᠠᠫᠤᠨ ᠢ ᠡᠰᠡᠷᠭᠦᠴᠡᠭᠰᠡᠨ ᠳᠠᠶᠢᠨ ᠤ ᠵᠠᠩᠵᠤᠨ ᠺᠣᠮᠠᠨᠳ᠋ᠯᠠᠭᠴᠢ ᠨᠠᠷ᠂ | ᠳᠤᠮᠳᠠᠳᠤ ᠤᠯᠤᠰ ᠤᠨ ᠶᠠᠫᠤᠨ ᠢ ᠡᠰᠡᠷᠭᠦᠴᠡᠭᠰᠡᠨ ᠳᠠᠶᠢᠨ ᠢ ᠬᠠᠪᠰᠤᠷᠤᠨ ᠳᠡᠮᠵᠢᠭᠰᠡᠨ ᠤᠯᠠᠨ ᠤᠯᠤᠰ ᠤᠨ ᠨᠥᠬᠦᠷᠰᠡᠭ ᠬᠥᠮᠥᠰ ᠪᠤᠶᠤ ᠨᠥᠭᠴᠢᠭᠰᠡᠳ ᠤᠨ ᠭᠡᠷ | ᠪᠦᠯᠢ ᠶᠢᠨ ᠲᠥᠯᠥᠭᠡᠯᠡᠭᠴᠢᠳ ᠲᠤ ᠳᠤᠷᠠᠰᠬᠠᠯ ᠤᠨ ᠲᠡᠮᠳᠡᠭ ᠭᠠᠷᠳᠠᠭᠤᠯᠪᠠ ᠃ | ᠦᠭᠡ ᠶᠠᠷᠢᠶ᠎ᠠ ᠦᠢᠯᠡ ᠠᠵᠢᠯᠯᠠᠭ᠎ᠠ ᠪᠦᠬᠦᠨ ᠳᠤ ᠨᠢ ᠴᠢᠩ ᠦᠨᠡᠨᠴᠢ ᠰᠡᠳᠬᠢᠯ ᠪᠢᠯᠬᠠᠷᠠᠨᠠᠮ ᠂ ᠰᠡᠳᠬᠢᠯ ᠢ ᠬᠥᠳᠡᠯᠭᠡᠮ᠎ᠡ ᠬᠤᠷᠣᠮ ᠮᠦᠴᠡ ᠶᠢ ᠬᠠᠮᠲᠤ ᠪᠠᠷ | ᠡᠷᠭᠢᠴᠡᠭᠦᠯᠵᠡᠭᠡᠶᠡ᠃ | | | |