ᠴᠢᠶᠣᠤ ᠰᠢᠶᠤᠤ ᠵᠢᠶᠦ᠋ᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠵᠢᠯ ᠎ ᠢ ᠰᠤᠳᠤᠯᠤᠨ ᠠᠬᠢᠭᠤᠯᠪᠠ
ᠨᠡᠶᠢᠲᠡᠯᠡᠭᠰᠡᠨ ᠴᠠᠭ᠄
2025/5/22
      5 ᠳ᠋ᠤᠭᠠᠷ ᠰᠠᠷ᠎ᠠ ᠶᠢᠨ 15᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠵᠢᠯ ᠢ ᠰᠤᠳᠤᠯᠤᠨ ᠠᠬᠢᠭᠤᠯᠪᠠ᠃      ᠴᠢᠶᠣᠤ ᠰᠢᠶᠤᠤ ᠵᠢᠶᠦ᠋ᠨ ᠬᠡᠯᠡᠬᠦ ᠳᠡᠭᠡᠨ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠨᠢ ᠬᠤᠲᠠ ᠶᠢᠨ ᠳᠦᠷᠢ ᠲᠥᠷᠬᠦ ᠶᠢᠨ ᠴᠢᠨᠠᠷ ᠴᠢᠨᠰᠠᠭ᠎ᠠ ᠶᠢ ᠢᠯᠡᠷᠡᠭᠦᠯᠵᠦ᠂ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠲᠠᠢ ᠬᠤᠯᠪᠣᠭᠳᠠᠵᠤ ᠪᠠᠶᠢᠳᠠᠭ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ︽ᠲᠥᠪ ᠠᠴᠠ ᠬᠦᠳᠦᠯᠦᠨ ᠲᠠᠭᠠᠭᠤᠯᠵᠤ᠂ ᠬᠤᠶᠠᠷ ᠲᠠᠯ᠎ᠠ ᠎ ᠠᠴᠠ ᠵᠡᠷᠭᠡ ᠪᠠᠷ ᠬᠦᠭᠵᠢᠬᠦᠯᠬᠦ︾᠎ ᠶᠢ ᠪᠠᠷᠢᠮᠲᠠᠯᠠᠵᠤ᠂ ᠭᠤᠤᠯ ᠬᠤᠲᠠ ᠲᠣᠭᠤᠷᠢᠭ ᠤᠨ ᠡᠯ᠎ᠡ ᠬᠡᠰᠡᠭ ᠲᠣᠭᠤᠷᠢᠭ ᠤᠨ ᠣᠨᠴᠠᠯᠢᠭ ᠢ ᠳᠣᠪᠤᠶᠢᠯᠭᠠᠵᠤ᠂ ᠬᠤᠶᠠᠷ ᠬᠦᠷᠢᠶᠡᠯᠡᠩ ᠲᠣᠭᠤᠷᠢᠭ ᠯᠤᠭ᠎ᠠ ᠬᠠᠮᠵᠢᠯᠴᠠᠨ ᠬᠤᠯᠪᠣᠭᠠᠯᠠᠨ ᠬᠥᠭᠵᠢᠬᠦ ᠶᠢ ᠠᠬᠢᠭᠤᠯᠬᠤ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠳᠤᠲᠠᠭᠤ ᠪᠠᠨ ᠨᠥᠬᠦᠪᠥᠷᠢᠯᠡᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠲᠡ ᠮᠥᠷᠲᠡᠭᠡᠨ ᠲᠦᠷᠭᠡᠨ᠂ ᠪᠣᠳᠠᠲᠠᠢ ᠰᠠᠶᠢᠲᠤᠷ ᠰᠢᠢᠳᠪᠦᠷᠢᠯᠡᠵᠦ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠠᠯᠬᠤᠮ ᠠᠯᠬᠤᠮ ᠢᠶᠠᠷ ᠨᠥᠬᠦᠪᠥᠷᠢᠯᠡᠬᠦ ᠬᠡᠷᠡᠭᠲᠡᠢ︔ ︽ᠰᠢᠯᠢᠳᠡᠭ ᠢ ᠨᠢ ᠳᠡᠭᠡᠭᠰᠢᠯᠡᠭᠦᠯᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡᠨ ᠰᠠᠶᠢᠳᠠᠢ︾ ᠪᠦᠲᠦᠭᠡᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠵᠢᠵᠢᠭ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠤᠳᠠ ᠶᠢᠨ ᠨᠣᠭᠤᠭᠠᠷᠠᠭᠤᠯᠤᠯᠲᠠ ᠪᠠ ᠠᠳᠠᠯ ᠠᠬᠤᠢ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ︽ᠨᠡᠪᠲᠡᠷᠡᠭᠦᠯᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠳᠠᠨᠰᠢᠷᠡᠭᠡ ᠬᠢᠶ᠎ᠠ ᠪᠠᠭᠰᠢ᠂ ᠭᠤᠣᠯ ᠬᠤᠳᠠ ᠶᠢᠨ ᠲᠣᠭᠤᠷᠢᠭ ᠬᠢᠭᠡᠳ ᠬᠦᠷᠢᠶᠡᠯᠡᠩ ᠲᠣᠭᠤᠷᠢᠭ ᠤᠨ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠬᠦ ᠬᠡᠷᠡᠭᠲᠡᠢ᠃ ᠬᠤᠳᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠶᠢᠨ ᠶᠠᠪᠤᠳᠠᠯ ᠤᠨ ᠡᠯ᠎ᠡ ᠲᠦᠷᠦᠯ ᠤᠨ ᠲᠥᠬᠦᠭᠡᠷᠦᠮᠵᠢ ᠶᠢ ᠰᠠᠶᠢᠲᠤᠷ ᠬᠠᠮᠠᠭᠠᠯᠠᠨ ᠠᠵᠢᠯᠯᠠᠭᠤᠯᠵᠤ᠂ ᠬᠤᠳᠠ ᠶᠢᠨ ᠬᠤᠭ ᠨᠣᠪᠰᠢ᠂ ᠪᠣᠬᠢᠷ ᠤᠰᠤ᠂ ᠱᠤᠤᠭᠢᠶᠠᠨ ᠢ ᠪᠦᠲᠦᠮᠵᠢᠲᠡᠢ ᠵᠠᠰᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ᠂ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ᠂ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ